ᠵᠠᠰᠠᠭ ᠤᠨ ᠣᠷᠳᠣᠨ ᠤ ᠠᠵᠢᠯ ᠤᠨ ᠢᠯᠡᠳᠬᠡᠯ | | | — 2022 ᠣᠨ ᠤ 1 ᠰᠠᠷ᠎ᠠ ᠶᠢᠨ 5 ᠤ ᠡᠳᠦᠷ ᠡᠷᠢᠶᠡᠨ ᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ | | ᠯᠦ ᠪᠦᠦ ᠳ᠋ᠦᠩ | | ᠲᠥᠯᠥᠭᠡᠯᠡᠭᠴᠢᠳ ᠡ᠄ | ᠤᠳᠤ ᠪᠢ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠣᠷᠠᠳᠣᠭᠠᠷᠠᠢ᠃ | ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠦᠷᠪᠡᠨ ᠵᠢᠯ ᠪᠣᠯ | ᠪᠣᠭᠤᠮᠲᠠ ᠶᠢᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠲᠦᠷᠪᠡᠨ ᠵᠢᠯ ᠪᠣᠯᠤᠨ᠎ᠠ᠃ ᠬᠦᠨᠳᠦ | ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ᠂ ᠬᠠᠲᠠᠭᠤ ᠪᠡᠷᠬᠡ ᠨᠦᠰᠡᠷ ᠬᠦᠨᠳᠦ | ᠥᠭᠡᠷᠡᠴᠢᠯᠡᠯᠲᠡ ᠶᠢᠨ ᠡᠭᠦᠷᠭᠡ ᠪᠣᠯᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠣᠯᠴᠠᠨ᠂ ︽ᠵᠢᠷᠭᠤᠭ᠎ᠠ ᠶᠢ ᠳᠣᠭᠳᠠᠭᠤᠨ | ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠣᠨ᠂ ᠡᠷᠡᠯᠬᠡᠭᠯᠡᠨ ᠤᠷᠤᠭᠰᠢᠯᠠᠵᠤ᠂ ᠡᠷᠡᠮᠡᠬᠡᠶᠢᠯᠡᠨ ᠳᠡᠮᠡᠴᠡᠵᠦ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢ ᠰᠠᠶᠢᠳᠣᠷ ᠡᠬᠢᠯᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ | ᠡᠬᠢᠯᠡᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠵᠢᠱᠢᠯᠲᠡ ᠪᠠᠷ 2021 ᠣᠨ ᠳᠤ᠂ ᠣᠷᠣᠨ ᠨᠣᠳᠤᠭ ᠤᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠦᠰᠦᠯᠳᠠ ᠶᠢᠨ ᠬᠤᠷᠳᠤᠴᠠ ᠵᠣᠬᠢᠰᠲᠠᠢ ᠣᠷᠣᠨ ᠵᠠᠢ ᠳᠤ | ᠪᠠᠶᠢᠬᠤ ᠶᠢ ᠪᠠᠲᠤᠯᠠᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠪᠦᠷᠢ ᠳᠤᠮᠳᠠᠴᠢ ᠪᠠᠷ 6.4% | ᠪᠠᠷ ᠨᠡᠮᠡᠭᠳᠡᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠦᠷᠳᠡᠭ ᠢ | ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠲᠣᠭᠲᠠᠭᠤᠨ ᠢᠶᠠᠷ ᠨᠡᠮᠡᠭᠳᠡᠨ᠎ᠡ᠃ | —— ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠶᠢ ᠭᠤᠶᠢᠪᠢᠰᠢ ᠦᠭᠡᠢ ᠪᠠᠷᠢᠮᠳᠠᠯᠠᠵᠦ᠂ | ︽ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ︾ ᠤ ᠰᠢᠨ᠎ᠡ ᠢᠯᠠᠯᠲᠠ ᠶᠢ ᠤᠯᠪᠠ᠃ᠨᠠᠷᠢᠯᠢᠭ | ᠣᠨᠣᠪᠴᠢᠳᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ ᠶᠢᠨ ᠰᠢᠢᠳᠪᠦᠷᠢᠲᠦ ᠢᠯᠠᠯᠲᠠ ᠶᠢ ᠤᠯᠪᠠ | ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠴᠢᠩᠭ᠎ᠠ ᠠᠳᠬᠤᠵᠤ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠ ᠦᠨᠳᠦᠰᠦᠨ ᠠᠮᠢᠳᠣᠷᠠᠯ ᠢ ᠪᠠᠲᠤᠯᠠᠬᠤ | ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ | ᠬᠤᠶᠠᠷ ᠵᠢᠯ ᠤᠷᠢᠳᠴᠢᠯᠠᠨ ᠶᠠᠳᠠᠭᠤ ᠠᠴᠠ ᠠᠩᠭᠢᠵᠢᠷᠠᠭᠤᠯᠵᠤ᠂ ᠬᠥᠮᠦᠨ ᠳᠤᠮᠳᠠᠴᠢ ᠣᠷᠣᠯᠭ᠎ᠠ 51% ᠪᠠᠷ | ᠨᠡᠮᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠣᠯᠳᠠ ᠶᠢᠨ ᠠᠵᠢᠯ ᠢ ᠭᠦᠨᠵᠡᠭᠡᠶᠢᠷᠡᠭᠦᠯᠦᠨ | ᠠᠬᠢᠭᠤᠯᠪᠠ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ 39 ᠠᠵᠤ ᠠᠬᠤᠶᠢᠯᠠᠯ ᠢ | ᠴᠡᠭᠴᠡᠯᠡᠨ ᠵᠠᠰᠠᠵᠤ᠂ ᠪᠣᠬᠢᠷ ᠤᠰᠤᠨ ᠤ ᠦᠢᠯᠡᠳᠪᠣᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ | ᠢᠨᠵᠧᠨᠧᠷᠢᠩ ᠢ ᠳᠠᠭᠤᠰᠬᠠᠵᠤ᠂ ᠪᠣᠬᠢᠷ ᠤᠰᠤᠨ ᠤ ᠭᠠᠳᠠᠭᠰᠢᠯᠠᠭᠤᠯᠤᠯᠲᠠ ᠶᠢ ᠤᠯᠤᠰ ᠤᠨ ᠨᠢᠭᠡᠳᠦᠭᠡᠷ ᠳᠡᠰ ᠤᠨ A | ᠲᠥᠷᠥᠯ ᠤᠨ ᠪᠠᠷᠢᠮᠵᠢᠶ᠎ᠠ ᠳᠤ ᠬᠦᠷᠭᠡᠨ᠂ ᠡᠩ ᠤᠨ ᠠᠵᠤ ᠦᠢᠯᠡᠳᠪᠣᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠰᠢᠢᠳᠪᠣᠷᠢᠯᠡᠭᠰᠡᠨ ᠨᠣᠷᠮ᠎ᠠ ᠶᠢ 100% ᠳᠤ ᠬᠦᠷᠬᠡᠵᠦ᠂ ᠳᠡᠭᠡᠳᠦ ᠱᠠᠲᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠮᠬᠢᠯᠡᠨ | ᠰᠢᠯᠢᠳᠡᠭᠵᠢᠭᠦᠯᠦᠨ᠂ ᠪᠥᠬᠦ ᠬᠤᠲᠠ ᠶᠢᠨ 26.4% ᠶᠢᠨ ᠣᠯᠣᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ | ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠣᠷᠣᠭᠤᠯᠪᠠ᠃ ᠣᠶ ᠰᠢᠭᠤᠶ᠂ ᠨᠣᠳᠤᠭ ᠪᠡᠯᠴᠢᠭᠡᠷ ᠤᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ | ᠶᠢᠨ ᠱᠠᠩᠨᠠᠯ ᠨᠦᠬᠦᠪᠣᠷᠢ ᠶᠢᠨ ᠳᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠣᠶ ᠰᠢᠭᠤᠶ ᠡᠪᠡᠰᠦ | ᠪᠡᠯᠴᠢᠭᠡᠷ ᠢ ᠲᠤᠰᠬᠠᠶᠢᠯᠠᠨ ᠴᠡᠭᠴᠡᠯᠡᠨ ᠵᠠᠰᠠᠬᠤ ᠡᠭᠦᠷᠭᠡ ᠶᠢ ᠪᠥᠬᠦ ᠠᠶᠢᠮᠠᠭ ᠲᠤ ᠳᠦᠷᠦᠬᠦᠯᠡᠨ ᠪᠡᠶᠡᠯᠡᠭᠦᠯᠵᠦ᠂ | ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ᠢᠯᠡᠳᠲᠡ ᠰᠡᠷᠭᠦᠭᠡᠪᠡ᠃ ᠥᠷᠢ | ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠶᠡᠷᠦᠩᠬᠡᠶ ᠳᠡᠭᠡᠨ ᠡᠵᠡᠮᠳᠡᠵᠦ ᠴᠢᠳᠠᠬᠤ | ᠪᠣᠯᠪᠠ᠃ ᠬᠠᠳᠠᠭᠠᠯᠠᠮᠵᠢ ᠶᠢᠨ ᠪᠠᠯᠠ ᠮᠥᠩᠭᠦ ᠶᠢ ᠴᠢᠯᠥᠭᠡᠲᠡᠶ ᠪᠣᠯᠭᠠᠬᠤ᠂ ᠪᠠᠷᠢᠯᠭ᠎ᠠ ᠪᠠᠶᠢᠭᠤᠯᠣᠯᠳᠠ ᠳᠤ | ᠵᠠᠷᠣᠴᠠᠭᠤᠯᠣᠭᠰᠠᠨ ᠦᠷᠳᠡᠭ ᠢ ᠬᠢᠨᠠᠨ ᠬᠠᠰᠤᠬᠤ ᠵᠢᠴᠢ ᠮᠥᠩᠭᠦᠨ ᠬᠦᠢᠯᠭᠡᠭᠡ ᠪᠠᠷ ᠥᠷᠢ ᠥᠭᠴᠡᠭᠡ ᠶᠢ ᠠᠷᠢᠯᠭᠠᠬᠤ | ᠵᠡᠷᠭᠡ ᠠᠷᠭ᠎ᠠ ᠬᠡᠮᠵᠢᠶ᠎ᠡ ᠠᠪᠴᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ | ᠠᠬᠤᠶᠢᠯᠠᠯ ᠤᠨ ᠮᠠᠷᠭᠤᠭᠠᠨ ᠦᠭᠡᠢ ᠲᠠᠩᠰᠠᠨ ᠳᠠᠬᠢ ᠮᠦᠩᠬᠦ ᠶᠢ ᠪᠦᠬᠦᠨ ᠢ ᠳᠥᠯᠥᠵᠦ ᠳᠠᠭᠤᠰᠬᠠᠨ᠂ ᠮᠥᠩᠭᠦᠨ | ᠬᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ 10 ᠳ᠋ᠦᠩᠰᠢᠭᠤᠷ ᠲᠥᠭᠦᠷᠢᠭ ᠠᠷᠢᠯᠭᠠᠵᠤ᠂ | ᠰᠢᠰᠲ᠋ᠧᠮ ᠤᠨ ᠴᠢᠨᠠᠷᠲᠠᠶ ᠮᠦᠩᠭᠦᠨ ᠭᠦᠢᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ | ᠪᠠᠲᠤ ᠰᠠᠬᠢᠪᠠ᠃ | —— ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠭᠤᠶᠢᠪᠢᠰᠢ ᠦᠭᠡᠢ ᠪᠠᠷ ᠲᠦᠯᠬᠢᠨ | ᠠᠬᠢᠭᠤᠯᠵᠤ᠂ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ᠃ ᠤᠯᠠᠨ | ᠤᠯᠤᠰ ᠤᠨ ᠠᠷᠠᠯᠵᠢᠶ᠎ᠠ ᠪᠠᠷᠠᠭᠠᠨ ᠤ ᠬᠦᠢᠯᠭᠡᠭᠡ ᠳᠣᠭᠳᠠᠭᠤᠨ ᠢᠶᠠᠷ ᠬᠦᠭᠵᠢᠪᠡ᠃ ᠪᠥᠬᠦ ᠬᠤᠲᠠ ᠶᠢᠨ | ᠳᠠᠩᠰᠠᠯᠠᠭᠤᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 2299᠂ ᠬᠢᠯᠢ ᠶᠢᠨ ᠭᠠᠳᠠᠨ᠎ᠠ ᠪᠠᠯᠠ | ᠣᠷᠣᠭᠤᠯᠤᠭᠰᠠᠨ ᠠᠵᠤ ᠠᠬᠤᠶᠢᠯᠠᠯ 42 ᠪᠣᠯᠵᠣ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ | ᠲᠤᠰᠬᠠᠶ ᠪᠠᠯᠠ ᠮᠥᠩᠭᠦ ᠶᠢ 1.2 ᠳ᠋ᠦᠩᠰᠢᠭᠤᠷ ᠲᠥᠭᠦᠷᠢᠭ ᠬᠦᠭᠡᠭᠡᠴᠡᠯᠳᠦᠨ ᠣᠯᠪᠠ᠃ ᠤᠯᠠᠭᠠᠨᠴᠠᠪ — ᠡᠷᠢᠶᠡᠨ | ᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ᠂ | ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ᠪᠠ ᠠᠮᠢᠳᠤ ᠬᠤᠨᠢ᠂ | ᠮᠢᠬᠠᠨ ᠤ ᠵᠦᠢᠯ ᠢ ᠭᠠᠳᠠᠭᠠᠳᠤ ᠠᠴᠠ ᠣᠷᠣᠭᠤᠯᠬᠤ ᠡᠷᠭᠡ ᠶᠢ ᠣᠯᠣᠭᠰᠠᠨ ᠪᠣᠭᠤᠮᠲᠠ ᠪᠠᠷ ᠵᠥᠪᠰᠢᠶᠡᠷᠡᠭᠳᠡᠪᠡ᠃ | ᠬᠢᠯᠢ ᠪᠠᠷ ᠳᠠᠮᠵᠢᠨ ᠦᠩᠭᠡᠷᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ 54 ᠵᠤᠷᠪᠤᠰ | ᠪᠣᠯᠤᠨ ᠨᠡᠮᠡᠭᠳᠡᠵᠦ᠂ 7665 ᠴᠤᠪᠤᠭ᠎ᠠ ᠭᠠᠯᠲᠤ ᠲᠡᠷᠭᠡ ᠶᠢ ᠰᠢᠯᠭᠠᠨ ᠦᠩᠭᠡᠷᠡᠬᠦᠯᠵᠦ᠂ ᠪᠥᠬᠦ ᠤᠯᠤᠰ ᠤᠨ | ᠶᠡᠷᠦᠩᠬᠡᠶ ᠬᠡᠮᠵᠢᠶᠡᠨ ᠤ 20% ᠣᠷᠴᠢᠮ ᠢ ᠡᠵᠡᠯᠡᠵᠦ᠂ ᠵᠢᠯ ᠪᠦᠷᠢ ᠳᠤᠮᠳᠠᠴᠢ ᠪᠠᠷ 37% ᠪᠠᠷ ᠨᠡᠮᠡᠭᠳᠡᠪᠡ᠃ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 7170 ᠳᠦᠮᠡᠨ ᠳᠣᠨ ᠳᠤ ᠬᠦᠷᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠣᠯᠪᠠᠰᠤᠷᠠᠭᠤᠯᠬᠤ ᠦᠢᠯᠡᠰ ᠤᠨ ᠶᠠᠰᠤ ᠴᠢᠨᠠᠷ ᠳᠡᠭᠡᠭᠰᠢᠯᠡᠵᠦ ᠦᠷ᠎ᠡ ᠠᠰᠢᠭ ᠨᠢ ᠨᠡᠮᠡᠭᠳᠡᠪᠡ᠃ ᠣᠰᠦ ᠬᠡᠷᠡᠭᠯᠡᠬᠦ | ᠬᠡᠮᠵᠢᠶ᠎ᠡ ᠪᠠᠷ ᠠᠵᠦ ᠦᠢᠯᠡᠰ ᠤᠨ ᠲᠦᠷᠦᠯ ᠢ ᠳᠣᠭᠳᠠᠭᠠᠬᠤ ᠶᠢ ᠴᠢᠩᠭ᠎ᠠ ᠵᠢᠷᠣᠮᠯᠠᠵᠦ᠂ ᠨᠠᠷᠢᠯᠢᠭ ᠣᠨᠣᠪᠴᠢᠳᠠᠢ ᠪᠠᠷ | ᠬᠤᠳᠠᠯᠳᠤᠭᠠᠴᠢᠨ ᠤᠷᠢᠵᠤ ᠪᠠᠯᠠ ᠣᠷᠣᠭᠤᠯᠣᠨ᠂ 31 ᠲᠥᠷᠥᠯ ᠵᠦᠢᠯ ᠢ ᠵᠣᠯᠭᠠᠭᠤᠯᠤᠨ ᠨᠠᠶᠢᠳᠠᠪᠤᠷᠢᠵᠢᠭᠤᠯᠵᠤ᠂ | 20.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠪᠠ᠃ ᠪᠠᠶ ᠾᠦᠢ ᠶᠤᠸᠠᠨ᠂ ᠳ᠋ᠦᠩ ᠰᠢᠨ | ᠂ ᠮᠢᠩ ᠢᠦᠢ ᠸᠧᠶ ᠶᠧ ᠵᠡᠷᠭᠡ ᠨᠢᠭᠡ ᠪᠦᠯᠦᠭ ᠠᠭᠤᠷᠬᠠᠶ ᠶᠢᠨ ᠭᠠᠷᠤᠯᠲᠠ᠂ ᠠᠮᠤ ᠳᠣᠰᠣ᠂ ᠨᠣᠣᠰᠣ ᠨᠣᠣᠯᠣᠭᠤᠷ | ᠪᠣᠯᠪᠠᠰᠤᠷᠠᠭᠤᠯᠬᠤ ᠲᠦᠷᠦᠯ ᠵᠦᠢᠯ ᠢ ᠵᠠᠯᠭᠠᠯᠳᠤᠭᠠᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ 37.8 | ᠳ᠋ᠦᠩᠰᠢᠭᠤᠷ ᠲᠥᠭᠦᠷᠢᠭ ᠲᠤ ᠬᠦᠷᠴᠡᠶ᠃ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠠᠮᠢᠳᠤᠯᠢᠭ ᠬᠦᠴᠦᠨ | ᠴᠢᠩᠭᠠᠷᠠᠪᠠ᠃ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ | ᠠᠮᠵᠢᠯᠲᠠ ᠲᠠᠢ ᠡᠭᠦᠳᠦᠨ ᠪᠠᠶᠢᠭᠤᠯᠵᠤ᠂ ᠤᠯᠤᠰ ᠤᠨ ᠡᠬᠦᠳᠠ ᠵᠢᠭᠤᠯᠴᠢᠯᠠᠯ ᠤᠨ ᠦᠵᠡᠮᠵᠢ ᠶᠢᠨ ᠣᠷᠣᠨ ᠢ | ᠤᠯᠤᠰ ᠤᠨ 4A ᠲᠠᠰ ᠤᠨ ᠦᠵᠡᠮᠵᠢ ᠶᠢᠨ ᠣᠷᠣᠨ ᠪᠣᠯᠭᠠᠨ ᠳᠡᠪᠰᠢᠭᠦᠯᠵᠦ᠂ ᠡᠷᠢᠶᠡᠨ ᠥᠷᠲᠡᠭᠡ ᠶᠢᠨ ᠪᠠᠭᠤᠷᠢ ᠶᠢ | ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ | ᠣᠷᠣᠭᠤᠯᠪᠠ᠃ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠫᠠᠶᠢᠰᠠ ᠡᠯᠭᠦᠨ ᠡᠵᠡᠩᠨᠡᠯᠲᠡ | ᠬᠢᠵᠦ᠂ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ | ᠬᠦᠷᠢᠶᠡᠯᠡᠩ᠂ ᠶᠡᠷᠦᠩᠬᠡᠶᠢᠯᠡᠭᠰᠡᠨ ᠮᠦᠽᠧᠶ ᠵᠡᠷᠭᠡ ᠶᠢ ᠳᠡᠰ ᠳᠡᠪᠰᠢᠬᠦᠯᠦᠨ ᠬᠦᠭᠵᠢᠬᠦᠯᠵᠦ᠂ ᠵᠢᠭᠤᠯᠴᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠳᠤᠮᠳᠠᠳᠤ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ | ᠲᠣᠭᠯᠠᠯᠲᠠ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ | ᠣᠷᠣᠭᠤᠯᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 567.3 ᠲᠦᠮᠡᠨ ᠬᠥᠮᠦᠨ ᠤᠳᠠᠭ᠎ᠠ | ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 131 ᠳ᠋ᠦᠩᠰᠢᠭᠤᠷ ᠲᠥᠭᠦᠷᠢᠭ ᠲᠤ ᠬᠦᠷᠪᠡ᠃ | ᠴᠡᠪᠡᠷ ᠡᠨᠧᠷᠭᠢ ᠶᠢᠨ ᠰᠤᠷᠪᠤᠯᠵᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠪᠤᠵᠠᠭᠠᠶᠢᠷᠠᠪᠠ᠃ | 9 ᠲᠦᠮᠡᠨ ᠺᠢᠯᠣᠸᠠᠲ ᠤᠨ ᠬᠡᠷᠡᠯ ᠴᠠᠬᠢᠯᠭᠠᠨ᠂ 13 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠳᠠᠬᠢᠨ ᠠᠰᠢᠭᠯᠠᠵᠦ ᠪᠣᠯᠬᠤ ᠡᠨᠧᠷᠭᠢ ᠶᠢᠨ ᠪᠢᠴᠢᠯ | ᠴᠠᠬᠢᠯᠭᠠᠨ ᠲᠣᠤᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ | ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 57.9 ᠲᠦᠮᠡᠨ | ᠺᠢᠯᠣᠸᠠᠲ ᠲᠤ ᠬᠥᠷᠪᠡ᠃ ᠳᠤᠮᠳᠠᠳᠤ ᠤᠯᠤᠰ ᠤᠨ ᠲᠡᠯᠡᠶ ᠳᠠᠩᠬᠢᠰ ᠤᠨ ᠴᠢᠯᠠᠭᠤᠨ ᠲᠣᠰᠣ᠂ ᠥᠪᠥᠷ ᠮᠣᠩᠭᠤᠯ ᠤᠨ | ᠴᠠᠬᠢᠯᠭᠠᠨ ᠬᠦᠴᠦᠨ ᠤ ᠴᠡᠪᠡᠷ ᠡᠨᠧᠷᠭᠢ ᠪᠠᠷ ᠢᠯᠴᠢ ᠬᠠᠩᠭᠠᠬᠤ ᠲᠠᠯᠠᠪᠠᠶ 18 ᠲᠦᠮᠡᠨ ᠲᠡᠭᠰᠢ ᠳᠥᠷᠪᠡᠯᠵᠢᠨ | ᠮᠧᠲᠷ ᠲᠤ ᠬᠥᠷᠪᠡ᠃ | —— ᠥᠭᠡᠷᠡᠴᠢᠯᠡᠯᠲᠡ ᠨᠡᠭᠡᠭᠡᠯᠳᠡ ᠶᠢ ᠭᠤᠶᠢᠪᠢᠰᠢ ᠦᠭᠡᠢ ᠪᠠᠷ ᠦᠷᠭᠦᠯᠵᠢᠯᠡᠨ ᠭᠦᠨᠵᠡᠭᠡᠶᠢᠷᠡᠭᠦᠯᠵᠦ᠂ | ᠬᠦᠭᠵᠢᠬᠦᠯᠦᠯᠳᠠ ᠨᠡᠭᠡᠭᠡᠯᠳᠠ ᠰᠢᠨ᠎ᠡ ᠰᠢᠪᠲᠤᠯᠤᠯᠲᠠ ᠲᠠᠢ ᠪᠣᠯᠪᠠ᠃ ᠣᠯᠣᠰ ᠤᠨ ᠭᠤᠣᠯᠳᠠᠯᠭ᠎ᠠ ᠲᠠᠢ | ᠬᠦᠭᠵᠢᠬᠦᠯᠦᠯᠳᠠ ᠨᠡᠭᠡᠭᠡᠯᠳᠠ ᠶᠢᠨ ᠲᠤᠷᠰᠢᠯᠲᠠ ᠶᠢᠨ ᠳᠣᠭᠤᠷᠢᠭ ᠢ ᠲᠦᠷᠭᠡᠪᠴᠢᠯᠡᠨ ᠪᠦᠳᠦᠭᠡᠨ ᠪᠠᠶᠢᠭᠤᠯᠪᠠ᠃ | ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠬᠤᠶᠠᠷ ᠤᠯᠤᠰ ᠤᠨ ᠵᠠᠰᠠᠭ ᠤᠨ | ᠣᠷᠳᠣᠨ ᠤ ᠬᠤᠭᠤᠷᠣᠨᠳᠣᠬᠢ ᠪᠥᠲᠥᠭᠡᠨ ᠪᠠᠶᠢᠭᠤᠯᠤᠯᠲᠠ ᠶᠢᠨ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠥᠰᠥᠭ | ᠵᠢᠷᠤᠵᠤ᠂ 3 ᠲᠡᠭᠰᠢ ᠳᠥᠷᠪᠡᠯᠵᠢᠨ ᠺᠢᠯᠣᠮᠧᠲᠷ ᠤᠨ ᠭᠤᠤᠯ ᠳᠣᠭᠤᠷᠢᠭ ᠤᠨ ᠰᠠᠭᠤᠷᠢ ᠳᠦᠬᠦᠬᠡᠷᠦᠮᠵᠢ ᠶᠢᠨ | ᠪᠠᠶᠢᠭᠤᠯᠣᠯᠳᠠ ᠦᠨᠳᠣᠰᠣᠨ ᠳᠤ ᠪᠠᠨ ᠳᠠᠭᠤᠰᠪᠠ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠢ | ᠪᠢᠲᠡᠭᠦᠮᠵᠢᠯᠡᠨ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠶᠢᠨ ᠢᠷᠭᠡᠳ ᠤᠨ | ᠬᠤᠳᠠᠯᠳᠣᠭᠠᠨ ᠤ ᠭᠠᠳᠠᠭᠠᠳᠤ ᠠᠴᠠ ᠣᠷᠣᠭᠤᠯᠬᠤ ᠲᠠᠸᠠᠷ ᠢ ᠲᠤᠬᠠᠶ ᠶᠢᠨ ᠭᠠᠵᠠᠷ ᠲᠤᠨᠢ ᠡᠳ᠋ᠰᠢᠭᠦᠯᠬᠦ | ᠲᠤᠷᠰᠢᠯᠲᠠ ᠶᠢᠨ ᠴᠢᠭ ᠢᠶᠠᠷ ᠵᠥᠪᠰᠢᠶᠡᠷᠡᠭᠳᠡᠵᠦ᠂ ᠲᠣᠭᠤᠷᠢᠭ ᠲᠤ ᠤᠷᠤᠭᠰᠠᠨ ᠬᠢᠯᠢ ᠶᠢᠨ ᠢᠷᠭᠡᠳ ᠤᠨ ᠲᠤᠭ᠎ᠠ | 19.5 ᠲᠦᠮᠡᠨ ᠬᠥᠮᠦᠨ ᠤᠳᠠᠭ᠎ᠠ ᠳᠤ ᠬᠥᠷᠪᠡ᠃ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ | ᠤᠨ ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠬᠤ ᠳᠣᠭᠤᠷᠢᠭ᠂ ᠭᠠᠶᠢᠯᠢ ᠶᠢᠨ ᠪᠠᠳᠣᠯᠠᠭᠠᠳᠦ ᠬᠥᠮᠥᠷᠭᠡ ᠶᠢ ᠪᠠᠶᠢᠭᠤᠯᠤᠨ ᠪᠦᠲᠦᠭᠡᠵᠦ᠂ ᠬᠦᠷᠢᠶᠡᠯᠡᠩ | ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠢᠯᠡᠳᠲᠡ ᠨᠡᠮᠡᠭᠳᠡᠬᠦᠯᠪᠡ᠃ ᠮᠣᠩᠭᠤᠯ ᠤᠷᠤᠰ ᠤᠨ ᠬᠤᠯᠪᠣᠭᠳᠠᠯ | ᠪᠦᠬᠦᠢ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠰᠢᠨᠡᠴᠢᠯᠡᠨ | ᠲᠡᠭᠦᠯᠳᠡᠷᠵᠢᠭᠦᠯᠵᠦ᠂ ᠤᠷᠢᠳ ᠬᠤᠵᠢᠳ ᠮᠣᠩᠭᠤᠯ ᠤᠷᠤᠰ ᠤᠨ 22 ᠭᠠᠵᠠᠷ ᠣᠷᠣᠨ ᠯᠤᠭ᠎ᠠ ᠨᠥᠬᠦᠷᠰᠡᠭ ᠢᠶᠠᠷ | ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠭᠠᠳᠠᠭᠠᠳᠤ ᠶᠢᠨ ᠬᠠᠷᠢᠶᠠᠳᠦ ᠢᠷᠭᠡᠳ ᠤᠨ ᠰᠤᠷᠭᠠᠭᠤᠯᠢ ᠳᠤ ᠰᠠᠭᠤᠬᠤ᠂ | ᠡᠪᠡᠳᠴᠢᠨ ᠦᠵᠡᠭᠦᠯᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠭᠠᠳᠠᠭᠠᠳᠤ ᠠᠵᠤ ᠠᠬᠤᠶ | ᠠᠷᠠᠯᠵᠢᠶ᠎ᠠ᠂ ᠰᠣᠶᠣᠯ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠬᠦᠷᠢᠶᠡᠨ ᠳᠠᠬᠢ | ᠬᠠᠮᠲᠤᠷᠠᠯᠴᠠᠭ᠎ᠠ ᠶᠢ ᠨᠡᠩ ᠭᠦᠨᠵᠡᠭᠡᠶᠢᠷᠡᠭᠦᠯᠪᠡ᠃ ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠰᠢᠯᠢᠳᠡᠭᠵᠢᠭᠦᠯᠦᠨ | ᠬᠦᠨᠵᠡᠭᠡᠶᠢᠷᠡᠬᠦᠯᠵᠦ ᠪᠣᠳᠠᠳᠠᠶᠢᠵᠢᠭᠤᠯᠪᠠ᠃ ᠦᠯᠦ ᠬᠦᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷᠢᠮ | ᠵᠡᠷᠭᠡ ᠶᠢᠨ ᠥᠭᠡᠷᠡᠴᠢᠯᠡᠯᠲᠡ ᠨᠢ ᠣᠷᠣᠨ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠠᠵᠤ ᠠᠬᠤᠶᠢᠯᠠᠯ ᠡᠷᠭᠢᠯᠡᠬᠦ | ᠂ ᠪᠠᠷᠢᠯᠭ᠎ᠠ ᠪᠠᠷᠢᠬᠤ ᠵᠥᠪᠰᠢᠶᠡᠷᠡᠯ ᠤᠯᠬᠤ᠂ ᠤᠰᠤ ᠴᠠᠬᠢᠯᠭᠠᠨ ᠳᠤᠯᠠᠭᠠᠯᠠᠭ᠎ᠠ᠂ ᠬᠢᠯᠢ ᠠᠯᠤᠰᠯᠠᠭᠰᠠᠨ ᠠᠷᠠᠯᠵᠢᠶ᠎ᠠ | ᠬᠢᠬᠦ ᠵᠦᠪᠰᠢᠶᠡᠷᠡᠯ ᠣᠯᠭᠤᠬᠤ ᠵᠡᠷᠭᠡ ᠵᠦᠢᠯᠡᠰ ᠢ ᠬᠦᠢᠴᠡᠳᠬᠡᠬᠦ ᠴᠠᠭ ᠢ ᠶᠡᠭᠡ ᠪᠠᠷ ᠪᠠᠭᠠᠰᠬᠠᠪᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠬᠦᠢᠴᠡᠳᠬᠡᠬᠦ︾ ᠶᠢ ᠪᠦᠬᠦ ᠣᠷᠣᠨ ᠳᠤ ᠳᠦᠷᠦᠬᠦᠯᠡᠨ | ᠪᠡᠶᠡᠯᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠥᠭᠡᠷᠡᠴᠢᠯᠡᠨ ᠰᠢᠨᠡᠳᠬᠡᠵᠦ ᠠᠰᠢᠭᠯᠠᠯᠳᠠ | ᠳᠤ ᠣᠷᠣᠭᠤᠯᠵᠦ᠂ 580 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠲᠢᠩᠬᠢᠮ ᠳᠤ | ᠣᠷᠣᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠴᠠᠭ ᠤᠨ ᠬᠢᠵᠠᠭᠠᠷ ᠢ | 87% ᠪᠠᠷ ᠪᠠᠭᠠᠰᠬᠠᠪᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠤᠬᠠᠶᠢᠯᠠᠭᠰᠠᠨ ᠠᠵᠢᠯ ᠳᠤ ︽ᠮᠤᠵᠢ ᠠᠯᠤᠰᠯᠠᠨ ᠬᠦᠢᠴᠡᠳᠬᠡᠬᠦ︾᠂ ︽ᠨᠢᠭᠡ ᠰᠦᠯᠵᠢᠶ᠎ᠡ ᠪᠠᠷ ᠬᠦᠢᠴᠡᠳᠬᠡᠬᠦ︾ | ᠶᠢ ᠪᠡᠶᠡᠯᠡᠭᠦᠯᠵᠦ᠂ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ︾ ᠶᠢᠨ ᠠᠵᠤ ᠠᠬᠤᠶᠢᠯᠠᠯ ᠤᠨ | ᠬᠡᠷᠡᠭᠯᠡᠭᠡᠨ ᠤ ᠨᠣᠷᠮ᠎ᠠ ᠶᠢ 100% ᠳᠤ ᠬᠦᠷᠭᠡᠪᠡ᠃ ︽ᠳᠦᠷᠪᠡᠨ ᠬᠦᠢᠴᠡᠳᠬᠡᠬᠦ︾ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ 36 ᠰᠠᠯᠠᠭ᠎ᠠ ᠮᠥᠴᠢᠷ ᠤᠨ 1503 ᠵᠦᠢᠯ ᠤᠨ ᠬᠦᠢᠴᠡᠳᠬᠡᠬᠦ ᠶᠠᠪᠤᠳᠠᠯ ᠢ ᠲᠢᠩᠬᠢᠮ ᠳᠤ | ᠣᠷᠣᠭᠤᠯᠪᠠ᠃ ᠪᠥᠬᠦ ᠤᠯᠤᠰ ᠤᠨ ᠠᠩᠬᠠᠳᠠᠭᠴᠢ ᠮᠣᠩᠭᠤᠯ ᠳᠤ ᠴᠢᠭᠯᠡᠬᠦᠯᠦᠭᠰᠡᠨ ᠠᠷᠠᠳ ᠤᠨ ᠵᠣᠭᠤᠰ ᠤᠨ ᠬᠢᠯᠢ | ᠠᠯᠤᠰᠯᠠᠭᠰᠠᠨ ᠲᠤᠬᠠᠶᠢᠯᠠᠭᠰᠠᠨ ᠠᠵᠢᠯ ᠤᠨ ᠲᠥᠪ ᠢ ᠨᠡᠭᠡᠭᠡᠨ ᠡᠷᠬᠢᠯᠡᠪᠡ᠃ ᠤᠯᠤᠰ ᠤᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠢᠳᠡᠪᠬᠢᠲᠡᠶ ᠲᠤᠤᠱᠯᠠᠭᠤᠯᠵᠤ᠂ ᠪᠣᠭᠤᠮᠲᠠ ᠶᠢᠨ ᠰᠦᠢᠳᠬᠡᠯ | ᠬᠤᠷᠢᠶᠠᠯᠲᠠ ᠶᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠡᠯ᠎ᠡ ᠵᠦᠢᠯ ᠤᠨ ᠭᠠᠶᠢᠯᠢ ᠰᠦᠢᠳᠬᠡᠯ ᠢ 6.7 ᠳ᠋ᠦᠩᠰᠢᠭᠤᠷ | ᠲᠥᠭᠦᠷᠢᠭ ᠬᠠᠰᠤᠵᠤ ᠬᠡᠯᠲᠦᠷᠢᠭᠦᠯᠪᠡ᠃ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠦᠷ᠎ᠡ | ᠪᠦᠲᠦᠮᠵᠢ ᠢᠯᠡᠷᠬᠡᠶ ᠪᠠᠶᠢᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ 157.7 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠵᠤ᠂ 6 ᠳ᠋ᠦᠩᠰᠢᠭᠤᠷ ᠲᠥᠭᠦᠷᠢᠭ ᠤᠨ ᠳᠣᠰᠠᠯᠠᠨ ᠪᠠᠳᠣᠯᠠᠬᠤ ᠵᠢᠭᠡᠯᠡᠯᠭᠡ ᠳᠠᠯᠪᠢᠪᠠ᠃ | —— ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠭᠤᠶᠢᠪᠢᠰᠢ ᠦᠭᠡᠢ ᠪᠠᠷ ᠰᠠᠶᠢᠵᠢᠷᠠᠭᠤᠯᠵᠤ᠂ ᠪᠣᠭᠤᠮᠲᠠ ᠪᠠ | ᠬᠤᠳᠠ ᠬᠥᠳᠡᠭᠡ ᠶᠢᠨ ᠴᠢᠳᠠᠮᠵᠢ ᠶᠢ ᠰᠢᠨ᠎ᠡ ᠪᠠᠷ ᠳᠡᠭᠡᠭᠰᠢᠯᠡᠬᠦᠯᠪᠡ᠃ ᠬᠤᠯᠪᠣᠯᠳᠤᠨ ᠨᠡᠪᠲᠡᠷᠡᠯᠴᠡᠬᠦ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠰᠢᠯᠢ ᠶᠢᠨ | ᠬᠤᠳᠠ— ᠡᠷᠢᠶᠡᠨ ᠱᠤᠭᠤᠮ ᠤᠨ ᠲᠡᠮᠦᠷ ᠵᠠᠮ ᠨᠡᠪᠲᠡᠷᠡᠨ ᠠᠰᠢᠭᠯᠠᠯᠳᠠ ᠳᠤ ᠣᠷᠣᠵᠦ᠂ ᠵᠢᠨᠢᠩ — ᠡᠷᠢᠶᠡᠨ | ᠱᠤᠭᠤᠮ ᠤᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠲᠥᠷᠥᠯ ᠵᠦᠢᠯ ᠨᠢ ᠤᠯᠤᠰ ᠤᠨ | ᠲᠡᠮᠦᠷ ᠵᠠᠮ ᠤᠨ ᠪᠦᠯᠦᠭᠯᠡᠯ ᠤᠨ ᠴᠤᠬᠤᠯᠠᠪᠤᠷᠢᠯᠠᠯ ᠢ ᠣᠯᠵᠤ᠂ ᠲᠡᠮᠦᠷ ᠵᠠᠮ ᠤᠨ ᠴᠢᠩᠭᠡᠯᠢᠭ ᠵᠢᠴᠢ ᠰᠤᠯᠠ ᠠᠴᠢᠬᠤ | ᠪᠠ ᠠᠴᠢᠶ᠎ᠠ ᠰᠣᠯᠢᠬᠤ ᠠᠵᠢᠯ ᠤᠨ ᠲᠠᠯᠠᠪᠤᠷ᠂ ᠬᠢᠯᠢ ᠶᠢᠨ ᠪᠠᠶᠢᠴᠠᠭᠠᠯᠲᠠ ᠶᠢᠨ ᠲᠠᠯᠠᠪᠤᠷ ᠤᠨ ᠪᠠᠷᠢᠮᠵᠢᠶᠠᠲᠤ ᠴᠠᠷᠭᠤ | ᠲᠠᠢ ᠬᠤᠯᠪᠣᠬᠤ ᠱᠤᠭᠤᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠢᠶᠠ ᠾᠧ ᠲᠡᠮᠦᠷ ᠵᠠᠮ ᠤᠨ ᠪᠠᠷᠠᠭᠠᠨ ᠤ | ᠬᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠪᠠ᠃ ᠵᠠᠰᠠᠮᠠᠯ ᠵᠠᠮ ᠤᠨ ᠪᠣᠭᠤᠮᠲᠠ ᠶᠢᠨ | ᠪᠠᠷᠠᠭᠠᠨ ᠤ ᠲᠡᠭᠡᠭᠡᠪᠦᠷᠢ ᠶᠢᠨ ᠣᠶᠣᠨᠴᠢᠯᠠᠭᠰᠠᠨ ᠺᠠᠷᠲ ᠣᠩᠰᠢᠨ ᠨᠡᠪᠳᠡᠷᠡᠬᠦᠯᠬᠦ ᠭᠠᠷᠴᠠ ᠪᠠ ᠠᠶᠠᠨᠴᠢᠳ ᠤᠨ | ᠪᠠᠶᠢᠴᠠᠭᠠᠯᠲᠠ ᠶᠢᠨ ᠨᠡᠪᠲᠡᠷᠡᠬᠦ ᠭᠠᠷᠴᠠ ᠶᠢᠨ ᠥᠪᠡᠰᠦᠪᠡᠨ ᠦᠢᠯᠡᠴᠢᠯᠡᠨ ᠨᠡᠪᠳᠡᠷᠡᠬᠦ ᠰᠢᠰᠲ᠋ᠧᠮ ᠢ ᠠᠰᠢᠭᠯᠠᠯᠲᠠ ᠳᠤ | ᠣᠷᠣᠭᠤᠯᠵᠤ᠂ ᠠᠭᠤᠷᠬᠠᠶ ᠶᠢᠨ ᠭᠠᠷᠤᠯᠲᠠ ᠶᠢᠨ ᠲᠤᠰᠬᠠᠶ ᠨᠡᠪᠲᠡᠷᠡᠬᠦ ᠭᠠᠷᠴᠠ ᠶᠢᠨ ᠲᠥᠷᠥᠯ ᠵᠦᠢᠯ ᠤᠨ ᠪᠦᠳᠦᠬᠡᠨ | ᠪᠠᠶᠢᠭᠤᠯᠣᠯᠳᠠ ᠶᠢ ᠡᠬᠢᠯᠡᠬᠦᠯᠪᠡ᠃ ᠤᠯᠤᠰ ᠤᠨ ᠳᠡᠰ ᠤᠨ ᠵᠠᠰᠠᠮᠠᠯ ᠵᠠᠮ ᠤᠨ 331ᠱᠤᠭᠤᠮ ᠤᠨ ᠡᠷᠢᠶᠡᠨ ᠤ | ᠬᠡᠰᠡᠭ ᠤᠨ ᠪᠦᠬᠦ ᠱᠤᠭᠤᠮ ᠢ ᠨᠡᠪᠲᠡᠷᠡᠭᠦᠯᠵᠦ᠂ ᠡᠷᠢᠶᠡᠨ ᠠᠴᠠ— ᠭᠤᠸᠠᠩᠵᠸᠦ ᠴᠢᠭᠯᠡᠯ ᠤᠨ ᠦᠨᠳᠣᠷ | ᠬᠤᠷᠳᠣᠴᠠᠳᠦ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ ᠢ ᠳᠠᠩ ᠱᠤᠭᠤᠮ ᠢᠶᠠᠷ ᠲᠡᠷᠭᠡ | ᠨᠡᠪᠳᠡᠷᠡᠬᠦᠯᠵᠠᠢ᠃ ᠰᠠᠶᠢᠬᠤᠰᠦ ᠨᠢᠰᠬᠡᠯ ᠤᠨ ᠪᠠᠭᠤᠳᠠᠯ ᠳᠤ 13 ᠵᠤᠷᠪᠤᠰ ᠠᠭᠠᠷ ᠠᠶᠠᠯᠠᠯ ᠤᠨ ᠱᠤᠭᠤᠮ ᠨᠡᠭᠡᠭᠡᠵᠦ᠂ | ᠠᠶᠠᠨᠴᠢᠳ ᠤᠨ ᠳᠡᠭᠡᠭᠡᠪᠣᠷᠢ ᠶᠢᠨ ᠬᠡᠮᠵᠢᠶ᠎ᠡ 64.4 ᠲᠦᠮᠡᠨ ᠬᠥᠮᠦᠨ ᠤᠳᠠᠭ᠎ᠠ ᠳᠤ ᠬᠦᠷᠴᠦ᠂ ᠤᠯᠠᠨ ᠤᠯᠤᠰ ᠤᠨ | ᠠᠭᠠᠷ ᠠᠶᠠᠯᠠᠯ ᠤᠨ ᠥᠷᠲᠡᠭᠡᠨ ᠤ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠨ ᠤᠯᠤᠰ ᠤᠨ | ᠠᠭᠠᠷ ᠠᠶᠠᠯᠠᠯ ᠤᠨ ᠪᠣᠭᠤᠮᠲᠠ ᠵᠢᠩᠬᠢᠨᠢ ᠪᠠᠷ ᠵᠥᠪᠰᠢᠶᠡᠷᠡᠭᠳᠡᠪᠡ᠃ ᠬᠤᠲᠠ ᠶᠢᠨ ᠴᠢᠳᠠᠮᠵᠢ ᠴᠢᠨᠠᠷ ᠴᠢᠨᠰᠠᠭ᠎ᠠ | ᠲᠣᠭᠲᠠᠭᠤᠨ ᠢᠶᠠᠷ ᠳᠡᠭᠡᠭᠰᠢᠯᠡᠪᠡ᠃ 7 ᠳ᠋ᠦᠩᠰᠢᠭᠤᠷ ᠭᠠᠷᠤᠶ ᠲᠥᠭᠦᠷᠢᠭ ᠤᠨ ᠪᠡᠯᠡ ᠮᠥᠩᠭᠦ ᠴᠤᠭᠯᠠᠭᠤᠯᠤᠨ | ᠬᠠᠭᠤᠴᠢᠨ ᠵᠡᠭᠡᠯᠢ ᠲᠣᠭᠤᠷᠢᠭ ᠢ ᠳᠡᠰ ᠳᠡᠪᠰᠢᠬᠦᠯᠦᠨ᠂ ᠭᠤᠷᠪᠠᠳᠣᠭᠠᠷ ᠤᠰᠤᠨ ᠤ ᠦᠢᠯᠡᠳᠪᠦᠷᠢ ᠶᠢᠨ ᠤᠰᠤ | ᠳᠠᠮᠵᠢᠭᠤᠯᠬᠤ ᠬᠤᠭᠤᠯᠠᠶ᠂ ᠬᠤᠳᠠ ᠬᠥᠳᠡᠭᠡ ᠶᠢᠨ ᠴᠠᠬᠢᠯᠭᠠᠨ ᠲᠦᠭᠡᠭᠡᠬᠦ ᠱᠤᠭᠤᠮ ᠵᠡᠷᠭᠡ ᠰᠠᠭᠤᠷᠢ | ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ 150 ᠰᠠᠭᠤᠷᠢ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ | 98 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ | ᠪᠠᠶᠢᠭᠤᠯᠵᠤ ᠳᠠᠭᠤᠰᠬᠠᠨ᠂ 57 ᠵᠣᠷᠪᠣᠰ ᠴᠠᠬᠢᠯᠭᠠᠨ ᠳᠦᠭᠡᠭᠡᠬᠦ ᠱᠣᠭᠤᠮ ᠢ ᠰᠢᠨ᠎ᠡ ᠪᠠᠷ ᠪᠠᠶᠢᠭᠤᠯᠣᠭᠰᠠᠨ ᠪᠠ | ᠦᠬᠡᠷᠡᠴᠢᠯᠡᠨ ᠰᠢᠨᠡᠳᠬᠡᠪᠡ᠃ ᠬᠤᠨᠳᠣ ᠨᠠᠭᠤᠷ ᠨᠣᠭᠤ ᠭᠠᠵᠠᠷ ᠤᠨ ᠴᠡᠴᠡᠷᠯᠢᠭ᠂ ︽ᠨᠢᠭᠡ ᠪᠦᠰᠡ ᠨᠢᠭᠡ ᠵᠠᠮ︾ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠳᠠᠭᠤᠰᠬᠠᠭᠠᠳ᠂ ᠪᠦᠲᠦᠭᠡᠨ ᠪᠠᠶᠢᠭᠤᠯᠤᠭᠰᠠᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7% ᠳᠤ ᠬᠥᠷᠪᠡ᠃ 73 ᠰᠠᠭᠤᠷᠢ | ᠰᠦᠷᠴᠢᠨ ᠣᠬᠢᠶᠠᠬᠤ ᠨᠡᠶᠢᠲᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠵᠦ᠂ 12 ᠰᠠᠭᠤᠷᠢ | ᠠᠮᠢᠳᠤᠷᠠᠯ ᠤᠨ ᠬᠤᠭ ᠨᠣᠪᠰᠢ ᠶᠢ ᠠᠪᠴᠢᠭᠤᠯᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠪᠣᠬᠢᠷᠳᠦᠯ ᠥᠬᠡᠶ ᠪᠣᠯᠭᠠᠨ ᠰᠢᠢᠳᠪᠣᠷᠢᠯᠡᠬᠦ ᠨᠣᠷᠮ᠎ᠠ᠂ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠲᠣᠰ | ᠲᠣᠰ 100%᠂ 85% ᠳᠤ ᠬᠦᠷᠪᠡ᠃ ︽ᠵᠢᠷᠭᠤᠭᠠᠨ ᠶᠡᠭᠡ ᠪᠣᠭᠤᠮᠳᠠ ᠰᠢᠪᠳᠣᠯᠬᠤ︾ ︽ᠨᠠᠢᠮᠠᠨ ᠲᠦᠷᠦᠯ | ᠤᠨ ᠴᠡᠭᠴᠡᠯᠡᠯᠳᠠ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠣᠯᠣᠰ ᠤᠨ ᠪᠣᠯᠪᠠᠰᠣᠨ | ᠬᠤᠳᠠ ᠶᠢ ᠡᠬᠦᠳᠦᠨ ᠪᠠᠶᠢᠭᠤᠯᠬᠤ ᠰᠠᠭᠤᠷᠢ ᠶᠢ ᠦᠷᠬᠦᠯᠵᠢᠯᠡᠨ ᠪᠠᠬᠢᠵᠢᠬᠦᠯᠵᠦ᠂ ᠬᠤᠲᠠ ᠶᠢᠨ ᠳᠦᠷᠰᠦ ᠪᠠᠶᠢᠳᠠᠯ | ᠢᠯᠡᠳᠲᠡ ᠰᠠᠶᠢᠵᠢᠷᠠᠨ᠂ ᠣᠷᠢᠳ ᠬᠤᠵᠢᠳ ᠤᠯᠤᠰ ᠤᠨ ᠡᠷᠡᠬᠦᠯ ᠬᠠᠮᠠᠭᠠᠯᠠᠯ ᠤᠨ ᠬᠤᠲᠠ᠂ ᠪᠥᠬᠦ ᠤᠯᠤᠰ ᠤᠨ | ᠰᠠᠭᠠᠳ ᠥᠬᠡᠶ ᠣᠷᠴᠢᠨᠳᠦ ᠵᠢᠱᠢᠶ᠎ᠡ ᠦᠵᠡᠭᠦᠯᠬᠦ ᠬᠤᠲᠠ᠂ ᠪᠥᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠲᠠ ᠪᠠᠷ ᠦᠨᠡᠯᠡᠭᠳᠡᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠳᠠᠷᠢᠶᠠᠴᠢᠨ ᠪᠣᠯᠣᠨ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠳᠣᠭᠳᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ | ᠪᠡᠶᠡᠯᠡᠭᠦᠯᠵᠦ᠂ ᠰᠠᠶᠢᠬᠤᠰᠦ ᠭᠠᠴᠠᠭ᠎ᠠ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠦ ᠪᠠ ᠪᠦᠬᠦ ᠤᠯᠤᠰ ᠤᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ | —— ᠠᠷᠠᠳ ᠲᠦᠮᠡᠨ ᠤ ᠵᠣᠯ ᠵᠢᠷᠭᠠᠯ ᠤᠨ ᠬᠦᠷᠳᠡᠬᠡᠮᠵᠢ ᠶᠢ ᠭᠤᠶᠢᠪᠢᠰᠢ ᠦᠭᠡᠢ ᠨᠡᠮᠡᠭᠳᠡᠭᠦᠯᠵᠦ᠂ | ᠨᠡᠶᠢᠭᠡᠮ ᠤᠨ ᠦᠢᠯᠡᠰ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠢᠨ᠎ᠡ ᠲᠠᠪᠰᠢᠯᠳᠠ ᠲᠠᠢ ᠪᠣᠯᠭᠠᠪᠠ᠃ | ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠵᠠᠷᠤᠯᠭ᠎ᠠ 39 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠶ | ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠪᠡ᠃ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢ ᠯᠠᠪᠳᠠᠭᠤᠨ ᠢᠶᠠᠷ ᠠᠬᠢᠭᠤᠯᠵᠤ᠂ ᠠᠵᠢᠯ | ᠣᠯᠵᠤ ᠠᠳᠠᠯ ᠦᠢᠯᠡᠰ ᠴᠣᠭᠴᠠᠯᠠᠬᠤ ᠬᠥᠮᠦᠨ ᠤ ᠲᠤᠭ᠎ᠠ ᠶᠢ ︽ᠬᠤᠤᠰ ᠨᠡᠮᠡᠭᠳᠡᠯ ᠲᠠᠢ︾ ᠪᠣᠯᠭᠠᠵᠤ᠂ ᠬᠤᠲᠠ | ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠪᠠ᠃ | ᠴᠢᠳᠠᠪᠤᠷᠢᠲᠠᠨ ᠢ ᠣᠷᠢᠨ ᠬᠡᠷᠡᠭᠯᠡᠬᠦ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠰᠤᠷᠭᠠᠨ ᠬᠥᠮᠦᠵᠢᠯ᠂ ᠡᠷᠡᠭᠦᠯ | ᠬᠠᠮᠠᠭᠠᠯᠠᠯ ᠤᠨ ᠴᠢᠳᠠᠪᠣᠷᠢᠳᠠᠨ ᠢ 170 ᠡᠯᠰᠡᠨ ᠬᠡᠷᠡᠭᠯᠡᠪᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠡᠭᠡᠷ᠎ᠡ ᠬᠦᠢᠴᠡᠳᠬᠡᠬᠦ ᠲᠤᠷᠰᠢᠯᠲᠠ | ᠶᠢᠨ ᠴᠢᠭ ᠢ ᠠᠰᠢᠭᠯᠠᠯᠳᠠ ᠳᠤ ᠣᠷᠣᠭᠤᠯᠪᠠ᠃ ᠬᠡᠷ ᠲᠡᠭᠡᠨ ᠪᠠᠶᠢᠭ᠎ᠠ ᠨᠠᠰᠤᠲᠠᠶᠢᠴᠤᠳ ᠢ ᠠᠰᠠᠷᠠᠬᠤ | ᠦᠢᠯᠡᠴᠢᠯᠡᠭᠡᠨ ᠤ ᠥᠷᠲᠡᠭᠡ ᠶᠢ ᠪᠠᠶᠢᠭᠤᠯᠵᠦ᠂ ᠪᠥᠬᠦ ᠤᠯᠤᠰ ᠤᠨ ︽ᠨᠠᠰᠤᠲᠠᠨ ᠢᠶᠠᠨ ᠬᠦᠨᠳᠦᠯᠡᠵᠦ ᠠᠬᠠᠮᠠᠳ ᠢᠶᠠᠨ | ᠠᠰᠠᠷᠠᠬᠤ︾ ᠢᠷᠠᠭᠤ ᠠᠯᠳᠠᠷ ᠤᠨ ᠴᠣᠯᠠ ᠶᠢ ᠭᠥᠷᠳᠡᠪᠡ᠃ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠮᠣᠩᠭᠤᠯ | ᠦᠨᠳᠦᠰᠦᠲᠡᠨ ᠤ ᠳᠤᠮᠳᠠᠳᠤ ᠰᠤᠷᠭᠠᠭᠤᠯᠢ᠂ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠣᠭᠤᠷᠢᠭ ᠵᠡᠷᠭᠡ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ 100% ᠳᠤ ᠬᠦᠷᠪᠡ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠤᠷᠤᠭᠰᠢᠲᠠᠶ ᠬᠡᠷᠡᠭᠵᠢᠭᠦᠯᠵᠦ᠂ ︽ᠲᠠᠪᠤᠨ | ᠵᠦᠢᠯ ᠤᠨ ᠬᠠᠮᠢᠶᠠᠷᠤᠯᠲᠠ︾᠂ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠪᠣᠳᠠᠲᠠᠶ ᠪᠠᠷ | ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ︽ | ᠲᠦᠷᠪᠡᠨ 100 %︾ ᠶᠢ ᠪᠡᠶᠡᠯᠡᠭᠦᠯᠪᠡ᠃ 6 ᠳᠤᠮᠳᠠᠳᠤ ᠪᠠᠭ᠎ᠠ ᠰᠤᠷᠭᠠᠭᠤᠯᠢ ᠪᠥᠬᠦ ᠤᠯᠤᠰ ᠤᠨ ᠵᠠᠯᠠᠭᠤᠴᠤᠳ | ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠣᠷᠭᠠᠭᠤᠯᠢ ᠪᠠᠷ ᠨᠡᠷᠡᠯᠡᠭᠳᠡᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ | ᠤᠯᠤᠰ ᠤᠨ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠢᠭ ᠢ | ᠲᠦᠷᠭᠡᠪᠴᠢᠯᠡᠨ ᠪᠠᠶᠢᠭᠤᠯᠵᠤ᠂ ᠤᠯᠠᠨ ᠤᠯᠤᠰ ᠤᠨ ᠲᠦᠷᠭᠡᠨ ᠠᠪᠣᠷᠠᠯᠳᠠ ᠶᠢᠨ ᠲᠥᠪ᠂ ᠡᠬᠡ ᠨᠢᠯᠬᠠᠰ ᠤᠨ | ᠡᠷᠡᠭᠦᠯᠵᠢᠯ ᠤᠨ ᠬᠤᠷᠢᠶ᠎ᠠ ᠵᠡᠷᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠡᠷ ᠪᠠᠶᠢᠰᠢᠩ | ᠭᠠᠵᠠᠷ ᠬᠥᠷᠥᠩᠭᠡ ᠶᠢᠨ ᠳᠡᠣᠬᠡ ᠶᠢᠨ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠰᠢᠢᠳᠪᠣᠷᠢᠯᠡᠵᠦ᠂ ᠣᠷᠣᠨ | ᠠᠶᠢᠮᠠᠭ ᠲᠤ ᠵᠢᠭᠰᠠᠭᠠᠭᠳᠠᠭᠰᠠᠨ 19 ᠵᠢᠵᠢᠭ ᠲᠣᠭᠤᠷᠢᠭ ᠂ 2513 ᠡᠷᠦᠬᠡ ᠶᠢᠨ ᠬᠡᠷ ᠪᠠᠶᠢᠰᠢᠩ ᠤᠨ ᠬᠦᠷᠦᠩᠬᠡ | ᠶᠢᠨ ᠡᠷᠭᠡ ᠶᠢᠨ ᠦᠨᠡᠮᠯᠡᠯ ᠢ ᠪᠦᠬᠦᠨ ᠢ ᠬᠦᠢᠴᠡᠳᠬᠡᠨ ᠰᠢᠢᠳᠪᠣᠷᠢᠯᠡᠪᠡ᠃ ︽ᠠᠮᠣᠷ ᠳᠠᠶᠢᠪᠣᠩ ᠡᠷᠢᠶᠡᠨ︾ ᠢ | ᠦᠷᠬᠦᠯᠵᠢᠯᠡᠨ ᠠᠬᠢᠭᠤᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ | ᠢᠯᠡᠳᠲᠡ ᠦᠷ᠎ᠡ ᠪᠦᠲᠦᠮᠵᠢ ᠣᠯᠵᠤ᠂ ᠠᠮᠢᠨ ᠬᠡᠷᠡᠭ ᠢ ᠪᠦᠬᠦᠨ ᠢ ᠪᠠᠶᠢᠴᠠᠭᠠᠨ ᠢᠯᠡᠷᠡᠭᠦᠯᠬᠦ ᠶᠢ ᠪᠠᠲᠤᠯᠠᠪᠠ᠃ | ᠤᠶᠤᠨᠲᠤ ᠬᠢᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠢᠯᠢ ᠬᠢᠵᠠᠭᠠᠷ ᠤᠨ ᠠᠮᠤᠷ | ᠲᠣᠭᠲᠠᠭᠤᠨ ᠢ ᠪᠠᠳᠣᠯᠠᠪᠠ᠃ ᠳᠡᠭᠡᠳᠦ ᠭᠤᠷᠪᠠᠨ ᠱᠠᠲᠤᠨ ᠤ ᠰᠢᠢᠳᠪᠣᠷᠢᠯᠡᠬᠦᠯᠬᠦ ᠪᠠᠷ ᠲᠤᠰᠢᠶᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ 100% ᠪᠠᠷ ᠰᠢᠢᠳᠪᠣᠷᠢᠯᠡᠵᠦ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ | ︽ᠭᠤᠷᠪᠠ ᠦᠭᠡᠶ︾ ᠬᠤᠲᠠ ᠪᠠᠷ ᠦᠨᠡᠯᠡᠭᠳᠡᠪᠡ᠃ ᠬᠤᠶᠠᠷ ᠢ ᠬᠦᠷᠢᠶᠡᠯᠡᠬᠦ ᠣᠨᠴᠠᠯᠠᠨ ᠬᠠᠯᠠᠮᠵᠢᠯᠠᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠳᠠᠷᠠᠭᠠᠯᠠᠨ ᠳᠥᠷᠪᠡ ᠤᠳᠠᠭ᠎ᠠ ᠪᠥᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ ᠶᠢᠨ ︽ᠮᠠᠩᠯᠠᠶᠢᠯᠠᠭᠴᠢ︾ ᠪᠣᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | 4 ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ | ᠦᠷᠭᠦᠯᠵᠢᠯᠡᠨ ᠪᠠᠬᠢᠵᠢᠭᠦᠯᠪᠡ᠃ ᠠᠮᠤᠷ ᠲᠦᠪᠰᠢᠨ ᠤ ᠲᠦᠭᠰᠢᠭᠦᠷᠢ ᠶᠢᠨ ᠳᠣᠰᠬᠠᠢ ᠴᠡᠭᠴᠡᠯᠡᠯᠳᠡ ᠶᠢ ᠦᠷᠭᠦᠯᠵᠢᠯᠡᠨ | ᠦᠷᠨᠢᠭᠦᠯᠵᠣ᠂ ᠠᠶᠤᠯᠭᠦᠶ ᠦᠢᠯᠡᠳᠪᠣᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠪᠠ᠃ | —— ᠲᠣᠰ ᠪᠡᠶ᠎ᠡ ᠶᠢᠨ ᠪᠠᠶᠢᠭᠤᠯᠤᠯᠲᠠ ᠪᠠᠨ ᠭᠤᠶᠢᠪᠢᠰᠢ ᠥᠬᠡᠶ ᠴᠢᠩᠭᠠᠳᠬᠠᠵᠤ᠂ ᠵᠠᠰᠠᠭ ᠤᠨ ᠣᠷᠳᠣᠨ ᠤ | ᠦᠢᠯᠡᠴᠢᠯᠡᠭᠡᠨ ᠤ ᠦᠷ᠎ᠡ ᠪᠦᠳᠦᠮᠵᠢ ᠶᠢ ᠰᠢᠨ᠎ᠡ ᠪᠠᠷ ᠳᠡᠭᠡᠭᠰᠢᠯᠡᠭᠦᠯᠪᠡ᠃ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ | ᠰᠤᠷᠤᠯᠴᠠᠨ ᠭᠦᠨᠵᠡᠭᠡᠶ ᠣᠶᠢᠯᠠᠭᠠᠵᠤ᠂ ᠵᠠᠰᠠᠭ ᠤᠨ ᠣᠷᠳᠣᠨ ᠤ ᠠᠵᠢᠯᠳᠠᠳ ᠤᠨ ︽ᠳᠥᠷᠪᠡᠨ ᠤᠬᠠᠮᠰᠠᠷ︾ ᠨᠠᠩ | ᠪᠠᠬᠢᠵᠢᠵᠦ᠂ ︽ᠳᠥᠷᠪᠡᠨ ᠢᠲᠡᠭᠡᠯ︾ ᠨᠠᠩ ᠪᠠᠳᠣᠵᠢᠵᠦ᠂ ︽ᠬᠤᠶᠠᠷ ᠢ ᠬᠠᠮᠠᠭᠠᠯᠠᠬᠤ︾ ᠤᠬᠠᠮᠰᠠᠷ ᠢ ᠨᠠᠩ | ᠳᠡᠭᠡᠭᠰᠢᠯᠡᠬᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 260 ᠬᠤᠪᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ ᠰᠠᠨᠠᠯ ᠵᠥᠪᠯᠡᠯᠭᠡ ᠶᠢ ᠪᠦᠬᠦᠨ ᠢ ᠬᠦᠢᠴᠡᠳᠬᠡᠨ ᠬᠠᠷᠢᠭᠤᠯᠳᠠ ᠦᠭᠪᠡ᠃ ᠰᠢᠨ᠎ᠡ ᠨᠢᠭᠡᠨ ᠡᠭᠡᠯᠵᠢ ᠶᠢᠨ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢᠨ ᠡᠬᠦᠷᠭᠡ ᠶᠢ | ᠪᠡᠶᠡᠯᠡᠬᠦᠯᠪᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠣᠷᠢᠳᠦ ᠪᠣᠳᠣᠯᠭ᠎ᠠ ᠲᠣᠭᠲᠠᠭᠠᠬᠤ ᠵᠠᠷᠴᠢᠮ ᠢ | ᠦᠷᠭᠦᠯᠵᠢᠯᠡᠨ ᠵᠢᠷᠤᠮᠵᠢᠭᠤᠯᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠨᠠᠮ ᠢ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠣᠷᠪᠣᠰ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠰᠠᠬᠢᠵᠤ᠂ ︽ᠲᠦᠷᠪᠡᠨ ᠰᠤᠷᠲᠠᠯ︾ ᠢ | ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠠᠯᠪᠠᠨ ᠤ ᠵᠠᠷᠤᠳᠠᠯ︾ | ᠢ ᠴᠢᠩᠭ᠎ᠠ ᠬᠢᠵᠠᠭᠠᠷᠯᠠᠪᠠ᠃ ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠨᠠᠨ ᠪᠤᠳᠤᠯᠳᠠ᠂ | ᠭᠠᠵᠠᠷ ᠬᠥᠳᠡᠯᠦᠯᠲᠡ ᠴᠠᠭ ᠠᠭᠤᠷ᠂ ᠰᠢᠦᠳᠠᠨ ᠬᠤᠯᠪᠣᠭ᠎ᠠ ᠴᠢᠮᠡᠭᠡ ᠨᠡᠪᠳᠡᠷᠡᠬᠦᠯᠭᠡ᠂ ᠷᠠᠳᠢᠣ᠋ ᠲᠧᠯᠸᠢᠰ᠂ ᠬᠦᠭᠵᠢᠯ | ᠤᠨ ᠪᠡᠷᠬᠡᠰᠢᠶᠡᠯ ᠲᠠᠢ ᠬᠦᠮᠦᠰ ᠢ ᠲᠤᠰᠠᠯᠠᠬᠤ ᠪᠣᠶᠠᠨ ᠤ ᠦᠢᠯᠡᠰ᠂ ᠡᠮᠡᠭᠲᠡᠶᠢᠴᠦᠳ ᠬᠡᠦᠬᠡᠳ᠂ ᠵᠠᠯᠠᠭᠤᠴᠤᠳ | ᠪᠠᠭᠠᠴᠤᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠬᠠᠮᠠᠳ ᠺᠠᠳ᠋ᠷ ᠪᠣᠯᠤᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ ᠲᠠᠢ ᠪᠣᠯᠪᠠ᠃ | ᠲᠥᠯᠥᠭᠡᠯᠡᠭᠴᠢᠳ ᠡ᠂ ᠳᠥᠷᠪᠡᠨ ᠵᠢᠯ ᠤᠨ ᠳᠣᠷᠰᠢ ᠪᠢᠳᠡ ᠪᠠᠰᠠ ᠬᠤᠶᠠᠷ ᠤᠳᠠᠭᠠᠨ ᠤ ᠰᠢᠨ᠎ᠡ ᠳᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠨ ᠬᠤᠷᠢᠭᠯᠠᠬᠤ ᠶᠡᠭᠡ ᠳᠠᠶᠢᠯᠠᠯᠳᠣᠭᠠᠨ ᠶᠡᠭᠡ | ᠰᠢᠯᠭᠠᠯᠳᠠ ᠶᠢ ᠥᠩᠭᠡᠷᠡᠭᠦᠯᠵᠦ᠂ ᠴᠠᠭᠠᠨ ᠬᠤᠯᠣᠭᠠᠨ᠎ᠠ ᠵᠢᠯ ᠪᠥᠬᠦ ᠣᠷᠣᠨ ᠤ ᠠᠩᠬᠠᠳᠠᠭᠴᠢ ᠰᠢᠨ᠎ᠡ ᠳᠢᠳᠢᠮᠯᠢᠭ | ᠠᠭᠤᠰᠬᠢᠨ ᠦᠷᠪᠢᠰᠦᠯ ᠤᠨ ᠬᠦᠨᠳᠦ ᠡᠪᠡᠳᠴᠢᠲᠡᠨ ᠢ ᠠᠮᠵᠢᠯᠲᠠ ᠲᠠᠢ ᠪᠠᠷ ᠠᠪᠤᠷᠠᠨ ᠵᠠᠰᠠᠵᠠᠶ᠃ ᠨᠢᠳᠤᠨᠤᠨ ᠤ 10 | ᠰᠠᠷ᠎ᠠ ᠳᠤ᠂ ᠪᠢᠳᠡ ᠴᠠᠭ ᠮᠦᠴᠡ ᠲᠠᠢ ᠤᠷᠤᠯᠳᠤᠨ᠂ ᠬᠢᠵᠢᠭ ᠤᠨ ᠪᠠᠶᠢᠳᠠᠯ ᠲᠠᠢ ᠡᠰᠡᠷᠬᠦᠴᠠᠯᠳᠦᠵᠦ᠂ ᠡᠷᠡᠰ | ᠰᠢᠭᠤᠷᠬᠠᠶ ᠪᠠᠷ ᠬᠤᠲᠠ ᠶᠢ ᠪᠢᠲᠡᠭᠦᠮᠵᠢᠯᠡᠨ ᠡᠵᠡᠮᠳᠡᠵᠦ᠂ ᠴᠠᠭ ᠲᠤᠬᠠᠶ ᠳᠤᠨᠢ ᠳᠣᠰᠭᠠᠷᠯᠠᠨ ᠡᠵᠡᠮᠳᠡᠵᠦ᠂ ᠳᠠᠷᠣᠢ | ᠳᠦᠷᠭᠡᠨ ᠢᠶᠠᠷ ᠡᠪᠡᠳᠴᠢᠨ ᠤ ᠡᠬᠢ ᠡᠭᠦᠰᠦᠯ ᠢ ᠨᠢ ᠡᠷᠢᠵᠦ᠂ ᠨᠠᠷᠢᠯᠢᠭ ᠣᠨᠣᠴᠢᠲᠠᠶ ᠪᠠᠷ ᠪᠦᠭᠡᠮ ᠬᠦᠴᠢᠯ ᠤᠨ | ᠪᠠᠶᠢᠴᠠᠭᠠᠯᠳᠠ ᠬᠢᠵᠦ᠂ ᠪᠠᠶᠢᠴᠠᠭᠠᠨ ᠰᠢᠯᠭᠠᠵᠤ᠂ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠠᠪᠤᠷᠠᠨ | ᠵᠠᠰᠠᠵᠤ᠂ ᠣᠯᠠᠨ ᠢᠶᠠᠷ ᠢᠶᠠᠨ ᠬᠦᠴᠦ ᠪᠠᠨ ᠬᠠᠮᠲᠤᠳᠬᠠᠨ᠂ ᠨᠢᠭᠡ ᠯᠡ ᠬᠦᠭ ᠢᠶᠠᠷ ᠴᠢᠷᠮᠠᠶᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠣᠭᠠᠨ ᠤ ᠡᠴᠦᠰ ᠤᠨ ᠢᠯᠠᠯᠲᠠ ᠶᠢ ᠣᠯᠵᠤ᠂ ᠭᠠᠳᠠᠭᠰᠢ | ᠬᠠᠯᠳᠠᠪᠤᠷᠢᠯᠠᠭᠤᠯᠬᠤ ᠥᠬᠡᠶ ᠲᠠᠷᠬᠠᠭᠠᠬᠤ ᠦᠬᠡᠢ ᠬᠤᠷᠢᠭ᠎ᠠ ᠱᠤᠭᠤᠮ ᠢ ᠪᠠᠲᠤ ᠰᠠᠬᠢᠪᠠ᠃ ᠡᠨᠡ ᠤᠳᠠᠭ᠎ᠠ ᠶᠢᠨ ᠪᠦᠬᠦ | ᠠᠷᠠᠳ ᠤᠨ ︽ᠬᠢᠵᠢᠭ ᠲᠠᠢ ᠳᠡᠮᠡᠴᠡᠬᠦ ᠳᠠᠶᠢᠨ︾ ᠤ ᠳᠤᠮᠳᠠ᠂ ᠨᠠᠮ ᠤᠨ ᠭᠡᠰᠢᠭᠦᠨ ᠺᠠᠳ᠋ᠷᠴᠣᠳ ᠭᠠᠷ ᠬᠤᠯᠪᠣᠨ | ᠮᠥᠷᠥ ᠵᠡᠷᠭᠡᠴᠡᠨ ᠤᠷᠤᠭᠰᠢᠯᠠᠵᠤ᠂ ᠥᠷᠭᠡᠨ ᠤᠯᠠᠨ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠡᠪᠡᠳᠴᠢᠨ ᠤ ᠡᠰᠡᠷᠬᠦ ᠳᠠᠶᠢᠨ ᠳᠤ ᠮᠣᠷᠳᠠᠵᠤ᠂ ᠡᠳᠦᠷ ᠰᠥᠨᠢ | ᠦᠭᠡᠢ ᠡᠷᠡᠯᠬᠡᠭᠯᠡᠨ ᠪᠠᠶᠢᠯᠳᠣᠵᠦ᠂ ᠪᠦᠬᠦ ᠬᠤᠳᠠ ᠶᠢᠨ ᠠᠷᠠᠳ ᠤᠯᠠᠨ ᠶᠡᠭᠡ ᠲᠠᠯ᠎ᠠ ᠶᠢ ᠬᠠᠷᠠᠭᠠᠯᠵᠠᠵᠤ᠂ ᠬᠦᠴᠢᠷ | ᠪᠡᠷᠬᠡ ᠶᠢ ᠬᠠᠮᠲᠤᠪᠠᠷ ᠳᠠᠪᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠲᠠᠢ ᠳᠡᠮᠡᠴᠡᠬᠦ ᠠᠭᠤᠤ ᠶᠡᠭᠡ ᠵᠣᠷᠢᠭ | ᠰᠠᠨᠠᠭ᠎ᠠ ᠶᠢ ᠪᠢᠴᠢᠭᠯᠡᠪᠡ᠃ ᠲᠠ ᠨᠠᠷ ᠪᠣᠯ ᠬᠢᠵᠢᠭ ᠲᠠᠢ ᠳᠡᠮᠡᠴᠡᠭᠰᠡᠨ ᠪᠠᠭᠠᠳᠣᠷ᠂ ᠰᠢᠨ᠎ᠡ ᠴᠠᠭ ᠦᠶ᠎ᠡ ᠶᠢᠨ ᠬᠠᠮᠤᠭ | ᠤᠨ ᠬᠠᠶᠢᠷᠠᠳᠠᠢ ᠬᠦᠮᠦᠰ ᠪᠢᠯᠡ︕ | ᠳᠦᠯᠦᠭᠡᠯᠡᠭᠴᠢᠳ ᠡ᠂ ᠥᠩᠭᠡᠷᠡᠭᠰᠡᠨ ᠲᠦᠷᠪᠡᠨ ᠵᠢᠯ ᠢ ᠡᠷᠬᠢᠴᠡᠬᠦᠯᠪᠡᠯ᠂ ᠪᠢᠳᠡ ᠬᠦᠴᠢᠷ ᠠᠴᠠ ᠠᠶᠣᠬᠤ ᠦᠭᠡᠢ᠂ | ᠵᠥᠷᠢᠴᠡᠯ ᠠᠴᠠ ᠵᠠᠶᠢᠯᠠᠬᠤ ᠦᠭᠡᠢ᠂ ᠰᠢᠷᠭᠠᠭᠤ ᠬᠠᠲᠠᠭᠤᠵᠢᠯᠲᠠᠶ ᠳᠡᠮᠡᠴᠡᠭᠰᠡᠨ ᠠᠴᠠ ᠡᠨᠡᠬᠦ ᠡᠷᠬᠢᠮ ᠨᠠᠨᠳᠢᠨ | ᠠᠮᠵᠢᠯᠲᠠ ᠪᠦᠲᠦᠮᠵᠢ ᠶᠢ ᠣᠯᠣᠭᠰᠠᠨ ᠶᠤᠮ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ | ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠣᠷᠢᠳᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠤᠲᠠ ᠶᠢᠨ | ᠥᠷᠭᠡᠨ ᠣᠯᠠᠨ ᠺᠠᠳ᠋ᠷ ᠣᠯᠠᠨ ᠲᠦᠮᠡᠨ ᠤ ᠬᠠᠲᠠᠭᠤᠵᠢᠯᠲᠠᠶ ᠳᠡᠮᠡᠴᠡᠵᠦ ᠪᠣᠳᠠᠲᠠᠶ ᠠᠵᠢᠯᠯᠠᠵᠤ᠂ ᠡᠷᠡᠯᠬᠡᠭᠯᠡᠨ | ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠮᠵᠢᠯᠠᠨ ᠳᠡᠮᠵᠢᠵᠦ᠂ | ᠢᠳᠡᠪᠬᠢᠳᠡᠢ ᠣᠷᠣᠯᠴᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ | ᠲᠥᠷᠥ ᠶᠢᠨ ᠵᠥᠪᠯᠡᠯᠭᠡᠨ ᠤ ᠬᠡᠰᠢᠬᠦᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠴᠢᠳ ᠤᠨ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠠᠷᠠᠳ ᠤᠨ ᠪᠦᠯᠬᠦᠮ᠂ ᠬᠤᠳᠠ ᠳᠤ ᠰᠠᠭᠤᠭ᠎ᠠ ᠠᠷᠠᠳ ᠤᠨ | ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠠᠩᠬᠢ ᠵᠢᠴᠢ ᠡᠷᠢᠶᠡᠨ ᠬᠤᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | | ᠲᠥᠯᠥᠭᠡᠯᠡᠭᠴᠢᠳ ᠡ᠂ ᠬᠢᠷᠢ ᠪᠦᠲᠦᠮᠵᠢ ᠥᠩᠭᠡᠷᠡᠭᠰᠡᠨ ᠢ ᠭᠡᠷᠡᠴᠢᠯᠡᠵᠦ᠂ ᠲᠤᠷᠰᠢᠯᠭ᠎ᠠ ᠰᠤᠷᠭᠠᠮᠵᠢ ᠢᠷᠡᠭᠡᠳᠦᠶ ᠶᠢ | ᠰᠡᠩᠬᠡᠷᠡᠬᠦᠯᠦᠨᠡ᠃ ᠲᠦᠷᠪᠡᠨ ᠵᠢᠯ ᠤᠨ ᠬᠥᠭᠵᠢᠯᠲᠡ ᠶᠢᠨ ᠥᠩᠭᠡᠷᠡᠯᠲᠡ ᠪᠢᠳᠡᠨ ᠳᠤ ᠳᠣᠣᠷᠠᠬᠢ ᠬᠡᠳᠦᠨ | ᠰᠡᠩᠬᠡᠷᠡᠬᠦᠯᠦᠯ ᠣᠯᠭᠤᠪᠠ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯ ᠠᠯᠢᠪᠠ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠦ ᠢᠯᠠᠯᠲᠠ ᠤᠯᠬᠤ ᠡᠷᠳᠡᠨᠢ ᠮᠥᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ | ᠬᠡᠷᠡᠭᠯᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠴᠠᠭ | ᠢᠮᠠᠭᠲᠠ ᠪᠠᠲᠤ ᠴᠡᠭᠡᠵᠢᠯᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ | ᠪᠦᠬᠦ ᠶᠠᠪᠤᠴᠠ ᠳᠤ ᠲᠤᠤᠱᠯᠠᠭᠤᠯᠳᠠᠭ ᠯᠠ ᠶᠤᠮ ᠪᠣᠯ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠡᠯ᠎ᠡ ᠵᠦᠢᠯ ᠤᠨ ᠪᠤᠳᠤᠯᠢᠶᠠᠨᠲᠠᠢ ᠪᠠᠶᠢᠳᠠᠯ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ ᠢ | ᠲᠣᠭᠲᠠᠭᠤᠨ ᠢᠶᠠᠷ ᠠᠷᠭᠠᠴᠠᠵᠤ ᠴᠢᠳᠠᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯ ᠪᠦᠬᠦ ᠲᠠᠯ᠎ᠠ ᠶᠢ | ᠬᠦᠳᠦᠯᠦᠨ ᠳᠠᠭᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠢᠳᠡ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠦᠨᠳᠦᠰᠦᠨ ᠵᠢᠷᠤᠮᠯᠠᠯ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ | ᠪᠣᠭᠤᠮᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠰᠠᠭᠤᠷᠢ ᠬᠦᠴᠦᠨ ᠢᠶᠠᠨ ᠪᠠᠲᠤᠯᠠᠵᠤ᠂ ᠤᠴᠢᠷ | ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠰᠢᠷᠭᠠᠭᠤ ᠠᠵᠢᠯᠯᠠᠳᠠᠭ ᠯᠠ ᠶᠤᠮ ᠪᠣᠯ | ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ ᠴᠢᠳᠠᠨ᠎ᠠ᠃ ᠥᠭᠡᠷᠡᠴᠢᠯᠡᠯᠲᠡ | ᠨᠡᠬᠡᠬᠡᠯᠳᠡ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠮᠥᠨ᠂ ᠪᠢᠳᠡ ᠡᠷᠡᠰ | ᠭᠤᠶᠢᠪᠢᠰᠢ ᠦᠭᠡᠢ ᠪᠠᠷ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠣᠯᠵᠤ᠂ ᠨᠡᠬᠡᠬᠡᠯᠳᠡ ᠬᠢᠬᠦ ᠠᠴᠠ | ᠠᠮᠢᠵᠢᠷᠠᠯ ᠤᠨ ᠬᠦᠴᠦᠨ ᠣᠯᠵᠤ᠂ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠰᠢᠪᠲᠤᠯᠤᠯᠲᠠ ᠬᠢᠵᠦ᠂ | ᠪᠣᠭᠤᠮᠲᠠ ᠶᠢᠨ ᠬᠥᠭᠵᠢᠯᠲᠡ ᠶᠢᠨ ᠬᠦᠴᠢᠷ ᠲᠦᠪᠡᠭᠲᠡᠢ ᠠᠰᠠᠭᠤᠳᠠᠯ ᠢ ᠡᠷᠡᠰ ᠰᠢᠢᠳᠪᠦᠷᠢᠯᠡᠳᠡᠭ ᠯᠡ ᠶᠤᠮ ᠪᠣᠯ ᠨᠡᠩ | ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠶᠢ ᠣᠯᠵᠤ ᠴᠢᠳᠠᠨ᠎ᠠ᠃ ᠠᠷᠠᠳ ᠲᠦᠮᠡᠨ ᠢ ᠳᠡᠭᠡᠳᠦᠯᠡᠬᠦ ᠪᠣᠯ | ᠵᠥᠪ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠦᠨᠳᠦᠰᠦᠨ ᠤᠷᠢᠲᠠᠯ ᠮᠥᠨ᠂ ᠪᠢᠳᠡ ᠠᠷᠠᠳ ᠤᠨ ᠬᠦᠰᠡᠯ | ᠡᠷᠡᠮᠡᠯᠵᠡᠯ᠂ ᠵᠠᠰᠠᠭ ᠤᠨ ᠠᠵᠢᠯ ᠤᠨ ᠴᠢᠭᠯᠡᠯ ᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠬᠤ᠂ ᠬᠦᠴᠢᠷᠳᠡᠬᠦ᠂ | ᠵᠤᠪᠠᠨᠢᠬᠤ᠂ ᠬᠦᠰᠡᠬᠦ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠳᠡᠭ ᠯᠡ ᠶᠤᠮ ᠪᠣᠯ ᠪᠣᠭᠤᠮᠲᠠ ᠶᠢᠨ | ᠬᠥᠭᠵᠢᠯᠲᠡ ᠶᠢ ᠨᠡᠩ ︽ᠳᠣᠯᠠᠭᠠᠨ ᠪᠦᠯᠢᠶᠡᠨ︾ ᠪᠣᠯᠭᠠᠵᠣ᠂ ᠠᠷᠠᠳ ᠤᠨ ᠠᠮᠢᠳᠤᠷᠠᠯ ᠢ ᠨᠡᠩ ᠢᠯᠡᠭᠦᠦ ︽ᠴᠢᠨᠠᠷ | ᠰᠠᠶᠢᠲᠠᠢ︾ ᠪᠣᠯᠭᠠᠵᠣ ᠴᠢᠳᠠᠨ᠎ᠠ᠃ ᠵᠣᠷᠢᠭᠳᠠᠢ ᠡᠭᠦᠷᠭᠡᠯᠡᠨ ᠪᠣᠳᠠᠲᠠᠢ ᠠᠵᠢᠯᠯᠠᠬᠤ ᠪᠣᠯ ᠠᠵᠢᠯ ᠢᠶᠠᠨ ᠰᠠᠶᠢᠲᠤᠷ | ᠬᠢᠬᠦ ᠶᠢᠨ ᠰᠠᠭᠤᠷᠢ ᠪᠠᠲᠤᠯᠠᠭ᠎ᠠ ᠮᠥᠨ᠂ ᠪᠢᠳᠡ ᠪᠣᠳᠠᠳᠠᠢ ᠠᠵᠢᠯᠯᠠᠨ ᠬᠠᠷᠢᠭᠤᠴᠠᠯᠭ᠎ᠠ ᠲᠠᠢ ᠡᠭᠦᠷᠭᠡᠯᠡᠬᠦ ᠶᠢ ᠵᠠᠰᠠᠭ ᠤᠨ | ᠣᠷᠳᠣᠨ ᠤ ᠠᠵᠢᠯ ᠤᠨ ᠭᠤᠣᠯ ᠠᠶᠢᠵᠠᠮ ᠪᠣᠯᠭᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠰᠢᠨ᠎ᠡ ᠶᠢ ᠡᠭᠦᠳᠬᠦ | ᠡᠷᠴᠢ ᠵᠣᠷᠢᠭ᠂ ᠪᠣᠳᠠᠳᠠᠢ ᠤ ᠠᠵᠢᠯᠯᠠᠬᠤ ᠰᠤᠷᠲᠠᠯ ᠢ ᠪᠠᠷᠢᠮᠲᠠᠯᠠᠳᠠᠭ ᠯᠠ ᠶᠤᠮ ᠪᠣᠯ ᠬᠥᠭᠵᠢᠯᠲᠡ ᠶᠢᠨ ᠳᠤᠮᠳᠠ | ᠲᠡᠷᠢᠭᠦᠨ ᠲᠣᠬᠢᠶᠠᠯ ᠢ ᠠᠮᠵᠢᠵᠤ᠂ ᠬᠦᠳᠡᠯᠦᠩᠬᠦᠢ ᠪᠠᠶᠢᠷᠢ ᠶᠢ ᠣᠯᠵᠤ ᠴᠢᠳᠠᠨ᠎ᠠ᠃ | ᠲᠥᠯᠥᠭᠡᠯᠡᠭᠴᠢᠳ ᠡ᠂ ᠲᠤᠷᠰᠢᠯᠭ᠎ᠠ ᠪᠠᠨ ᠳ᠋ᠦᠩᠨᠡᠵᠦ᠂ ᠳᠣᠳᠠᠭᠳᠠᠯ ᠳᠤ ᠵᠦᠪ ᠢᠶᠠᠷ ᠬᠠᠨᠳᠣᠨ᠂ ᠪᠢᠳᠡ ᠪᠠᠰᠠ | ᠳᠣᠣᠷᠠᠬᠢ ᠬᠡᠳᠦᠨ ᠳᠠᠯ᠎ᠠ ᠶᠢ ᠰᠡᠷᠭᠡᠭ ᠢᠶᠠᠷ ᠳᠠᠨᠢᠬᠤ ᠴᠢᠬᠤᠯᠠᠳᠠᠢ᠄ ᠪᠣᠭᠤᠮᠳᠠ ᠶᠢᠨ ᠬᠢᠵᠢᠭ ᠤᠨ ᠪᠠᠶᠢᠳᠠᠯ ᠤᠨ | ᠭᠠᠳᠠᠨ᠎ᠠ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠭᠡᠶᠢᠯᠡᠬᠦ ᠳᠠᠷᠤᠯᠲᠠ ᠨᠡᠮᠡᠭᠳᠡᠵᠦ᠂ ᠣᠯᠠᠨ ᠤᠯᠤᠰ ᠤᠨ | ᠠᠷᠠᠯᠵᠢᠶ᠎ᠠ ᠲᠠᠭᠠᠷᠢᠯᠲᠠ ᠳᠤ ᠤᠴᠠᠷᠠᠵᠤ᠂ ᠭᠠᠳᠠᠭᠰᠢ ᠴᠢᠭᠯᠡᠭᠰᠡᠨ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠳᠤ | ᠣᠷᠢᠳ ᠡᠮᠦᠨ᠎ᠡ ᠭᠠᠷᠤᠭ᠎ᠠ ᠦᠭᠡᠢ ᠠᠰᠠᠭᠤᠳᠠᠯ ᠪᠠ ᠦᠷᠢᠰᠦᠯᠳᠦᠬᠡᠨ ᠲᠤᠯᠭᠠᠷᠠᠵᠤ ᠪᠠᠶᠢᠨ᠎ᠠ︔ ᠪᠣᠭᠤᠮᠲᠠ ᠶᠢᠨ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠨᠢ ᠰᠢᠭᠤᠷᠬᠠᠢ ᠪᠤᠰᠤ᠂ ᠤᠨᠴᠠᠯᠢᠬᠳᠤ ᠭᠤᠣᠯᠯᠠᠬᠤ ᠠᠵᠤ | ᠦᠢᠯᠡᠰ ᠤᠨ ᠬᠡᠪᠴᠢᠶ᠎ᠡ ᠶᠡᠭᠡ ᠪᠢᠰᠢ ᠰᠢᠯᠢᠳᠡᠭ ᠪᠤᠰᠤ᠂ ᠣᠷᠣᠨ ᠪᠠᠶᠢᠷᠢ᠂ ᠲᠦᠷᠦ ᠶᠢᠨ ᠪᠤᠳᠤᠯᠭ᠎ᠠ᠂ ᠲᠠᠪᠴᠠᠩ ᠤᠨ | ᠳᠠᠪᠠᠭᠤᠯᠢᠭ ᠢ ᠬᠠᠷᠠᠬᠠᠨ ᠭᠦᠢᠴᠡᠳ ᠪᠠᠳᠠᠷᠠᠭᠤᠯᠤᠭᠠᠳᠤᠢ ᠪᠠᠶᠢᠭᠰᠠᠭᠠᠷ︔ ᠴᠢᠬᠤᠯᠠ ᠳᠣᠮᠣ ᠲᠦᠷᠦᠯ ᠵᠦᠢᠯ ᠤᠨ | ᠨᠥᠭᠡᠴᠡ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠡᠯᠧᠮᠧᠨ᠋ᠲ ᠤᠨ ᠲᠥᠪᠯᠡᠷᠡᠯ ᠤᠨ ᠬᠡᠮᠵᠢᠶ᠎ᠡ ᠥᠨᠳᠥᠷ ᠪᠢᠰᠢ᠂ | ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠲᠦᠷᠭᠡᠨ ᠪᠢᠰᠢ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠨᠡᠯᠢᠶᠡᠳ | ᠤᠯᠠᠨ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠵᠠᠰᠠᠯᠳᠠ ᠶᠢᠨ ᠴᠢᠳᠠᠪᠤᠷᠢ ᠪᠣᠯᠤᠨ ᠦᠷ᠎ᠡ | ᠪᠦᠲᠦᠮᠵᠢ ᠪᠠᠰᠠ ᠬᠠᠷᠠᠬᠠᠨ ᠵᠦᠷᠢᠶ᠎ᠡ ᠲᠠᠢ ᠪᠠᠶᠢᠵᠦ᠂ ᠬᠡᠰᠡᠭ ᠺᠠᠳ᠋ᠷ ᠤᠨ ᠦᠢᠯᠡᠴᠢᠯᠡᠭᠡᠨ ᠤ ᠤᠬᠠᠮᠰᠠᠷ ᠴᠢᠩᠭ᠎ᠠ ᠪᠢᠰᠢ | ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠬᠦᠷᠦᠯᠴᠡᠬᠦ ᠦᠭᠡᠢ ᠵᠡᠷᠭᠡ ᠦᠵᠡᠭᠳᠡᠯ ᠮᠦᠨ ᠯᠡ | ᠣᠷᠣᠰᠢᠵᠤ ᠪᠠᠶᠢᠨ᠎ᠠ᠃ ᠡᠶᠢᠮᠣ ᠠᠴᠠ᠂ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ | ᠡᠭᠦᠷᠭᠡᠯᠡᠯ ᠰᠢᠨ᠎ᠡ ᠵᠢᠳᠬᠦᠯ ᠢᠶᠠᠷ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠶ᠎ᠡ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠠ ᠭᠤᠣᠯ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠲᠠ ᠶᠢᠨ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ | ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠡᠭᠦᠳᠬᠦ ᠵᠠᠩᠭᠢᠯᠠᠭ᠎ᠠ ᠶᠢᠨ | ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ | ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠮᠡᠷᠡᠶᠢᠨ ᠳᠡᠮᠡᠴᠡᠪᠡᠯ ᠢᠯᠠᠯᠳᠠ ᠳᠤ ᠬᠦᠷᠬᠦ ᠨᠢ ᠪᠠᠶᠢᠭᠠᠯᠢ ᠶᠢᠨ | ᠵᠢᠮ᠎ᠡ ᠶᠣᠰᠦ ᠪᠢᠯᠡ᠃ ᠪᠢᠳᠠ ᠬᠤᠳᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮ ᠵᠢᠷᠣᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠬᠡᠨ | ᠪᠠᠶᠢᠭᠤᠯᠬᠤ᠂ ᠬᠤᠶᠠᠳᠡᠬᠢ ᠵᠠᠭᠤᠨ ᠵᠢᠯ ᠤᠨ ᠳᠡᠮᠡᠴᠡᠯ ᠤᠨ ᠬᠠᠷᠠᠯᠲᠠ ᠲᠡᠰᠢ ᠤᠷᠤᠭᠰᠢᠯᠠᠬᠤ ᠲᠡᠦᠬᠡ ᠶᠢᠨ ᠰᠢᠨ᠎ᠡ | ᠠᠶᠠᠯᠠᠯ ᠳᠤ ᠠᠩᠬᠠᠷᠣᠯ ᠢᠶᠠᠨ ᠳᠦᠪᠯᠡᠷᠡᠬᠦᠯᠵᠦ᠂ ᠴᠠᠭ ᠦᠶ᠎ᠡ ᠲᠠᠢ ᠵᠡᠷᠭᠡᠪᠡᠷ ᠣᠷᠣᠭᠰᠢᠯᠠᠬᠤ ᠮᠦᠷᠳᠡᠬᠡᠨ ᠴᠠᠭ ᠤᠨ | ᠪᠠᠶᠢᠳᠠᠯ ᠳᠤ ᠳᠣᠬᠢᠷᠠᠭᠤᠯᠣᠨ᠂ ᠪᠡᠯᠡᠳᠬᠡᠯ ᠠᠵᠢᠯ ᠢᠶᠠᠨ ᠰᠠᠶᠢᠳᠣᠷ ᠬᠢᠵᠦ᠂ ᠰᠠᠨᠠᠭᠠᠴᠢᠯᠠᠭ᠎ᠠ ᠲᠠᠢ ᠪᠠᠷ ᠠᠵᠢᠯᠯᠠᠬᠤ | ᠡᠷᠡᠰ ᠵᠣᠷᠢᠭ ᠲᠠᠢ᠃ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ | ᠪᠤᠳᠤᠯᠭ᠎ᠠ ᠶᠢᠨ ᠳᠣᠯᠭᠠᠭᠤᠷᠢ ᠴᠢᠭ ᠢ ᠪᠦᠲᠦᠭᠡᠨ ᠪᠠᠶᠢᠭᠤᠯᠬᠤ ᠰᠢᠨ᠎ᠡ ᠣᠷᠣᠨ ᠪᠦᠰᠡ ᠶᠢᠨ ᠪᠠᠶᠢᠷᠢᠰᠢᠯ ᠳᠤ | ᠠᠩᠬᠠᠷᠣᠯ ᠢᠶᠠᠨ ᠳᠦᠪᠯᠡᠷᠡᠬᠦᠯᠵᠦ᠂ ᠰᠢᠷᠦᠭᠦᠨ ᠤᠷᠤᠰᠬᠠᠯ ᠤᠨ ᠡᠰᠡᠷᠬᠦ ᠡᠷᠡᠯᠬᠡᠭ ᠢᠶᠠᠷ ᠣᠷᠣᠭᠰᠢᠯᠠᠨ᠂ ᠦᠨᠳᠦᠰᠦᠨ | ᠴᠢᠳᠠᠪᠤᠷᠢ ᠢᠶᠠᠨ ᠪᠠᠳᠣᠵᠢᠭᠤᠯᠵᠦ᠂ ᠪᠦᠬᠦ ᠳᠠᠯ᠎ᠠ ᠪᠠᠷ ᠬᠦᠢᠴᠡᠳ ᠨᠠᠶᠢᠳᠠᠪᠣᠷᠢᠵᠢᠭᠤᠯᠬᠤ ᠡᠷᠡᠰ ᠵᠣᠷᠢᠭ ᠲᠠᠢ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠤᠯᠤᠰ ᠤᠨ ᠤᠮᠠᠷᠠᠲᠤ ᠣᠷᠣᠨ | ᠤ ᠲᠡᠷᠢᠭᠦᠨ ᠵᠡᠷᠭᠡᠯᠡᠯ ᠤᠨ ᠪᠣᠭᠤᠮᠲᠠ ᠬᠤᠳᠠ ᠶᠢ ᠪᠦᠳᠦᠬᠡᠨ ᠪᠠᠶᠢᠭᠤᠯᠬᠤ ᠰᠢᠨ᠎ᠡ ᠬᠠᠷᠠᠯᠲᠠ ᠳᠤ ᠠᠩᠬᠠᠷᠣᠯ ᠢᠶᠠᠨ | ᠳᠦᠪᠯᠡᠷᠡᠬᠦᠯᠦᠨ᠂ ᠪᠣᠳᠠᠲᠠᠢ ᠠᠴᠠ ᠡᠬᠦᠰᠣᠨ᠂ ᠦᠨᠡᠨ ᠢᠶᠠᠷ ᠠᠵᠢᠯᠯᠠᠵᠦ᠂ ᠶᠠᠪᠣᠳᠠᠯ ᠪᠦᠬᠦᠨ ᠢ ᠳᠣᠣᠱᠳᠠᠢ ᠬᠢᠵᠦ᠂ | ᠬᠠᠷᠢᠭᠤᠴᠠᠯᠭ᠎ᠠ ᠪᠦᠬᠦᠨ ᠢ ᠰᠠᠶᠢᠳᠣᠷ ᠬᠦᠢᠴᠡᠳᠬᠡᠬᠦ ᠡᠷᠡᠰ ᠵᠣᠷᠢᠭ ᠲᠠᠢ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ | ᠪᠠᠶᠢᠯᠭᠠᠬᠤ ᠮᠦᠷᠳᠡᠬᠡᠨ ᠣᠷᠣᠭᠰᠢᠯᠠᠨ ᠳᠠᠪᠰᠢᠬᠤ ᠠᠵᠢᠯ ᠤᠨ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ᠶᠢ ᠨᠠᠩ ᠪᠠᠲᠤ ᠪᠠᠬᠢ ᠪᠣᠯᠭᠠᠬᠤ᠂ ︽ᠬᠤᠶᠠᠷ | ᠰᠠᠭᠤᠷᠢᠨ︾ ᠤ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ᠂ ︽ᠨᠢᠭᠡ ᠪᠠᠬᠢᠯᠡᠯᠲᠡ︾ ᠶᠢᠨ | ᠦᠢᠯᠡᠳᠦᠯ ᠢ ᠪᠠᠳᠠᠷᠠᠭᠤᠯᠬᠤ ᠲᠤᠬᠠᠶ ᠬᠠᠷᠠᠯᠲᠠ ᠶᠢᠨ ᠳᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠠᠷᠪᠠᠨ ᠳᠥᠷᠪᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠳᠣᠯᠭᠠᠭᠤᠷᠢ ᠴᠢᠭ ᠢ | ᠪᠦᠲᠦᠭᠡᠨ ᠪᠠᠶᠢᠭᠤᠯᠬᠤ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠤᠯᠤᠰ ᠤᠨ | ᠭᠤᠣᠯᠳᠠᠯᠭ᠎ᠠ ᠲᠠᠢ ᠬᠦᠭᠵᠢᠬᠦᠯᠦᠯᠳᠠ ᠨᠡᠭᠡᠭᠡᠯᠳᠠ ᠶᠢᠨ ᠲᠤᠷᠰᠢᠯᠲᠠ ᠶᠢᠨ ᠳᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠠᠢᠮᠠᠨ ᠭᠤᠤᠯᠳᠠᠯᠭ᠎ᠠ ᠲᠠᠢ ᠢᠨᠵᠧᠨᠧᠷᠢᠩ︾ ᠢ ᠶᠡᠬᠡᠪᠡᠷ | ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ | ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠷ ᠬᠦᠴᠦᠯᠡᠨ ᠴᠢᠷᠮᠠᠶᠢᠵᠤ᠂ ᠠᠮᠢ ᠠᠬᠤᠶ ᠶᠢ ᠲᠡᠷᠢᠭᠦᠨ ᠳᠤ ᠳᠠᠯᠪᠢᠵᠦ | ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠰᠠᠶᠢᠳᠣᠷ ᠵᠠᠮᠨᠠᠬᠤ ᠶᠢ ᠭᠤᠶᠢᠪᠢᠰᠢ ᠦᠭᠡᠢ ᠪᠠᠷᠢᠮᠳᠠᠯᠠᠨ᠎ᠠ᠃ | ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠣᠯ᠄ ᠣᠷᠣᠨ ᠨᠣᠳᠤᠭ ᠤᠨ ᠦᠢᠯᠡᠳᠪᠣᠷᠢᠯᠡᠯ ᠤᠨ | ᠶᠡᠷᠦᠩᠬᠡᠶ ᠥᠷᠲᠡᠭ ᠤᠨ ᠵᠢᠯ ᠳᠤᠮᠳᠠᠴᠢ ᠦᠰᠦᠯᠳᠠ ᠶᠢ ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ ᠵᠢᠯ ᠳᠤᠮᠳᠠᠴᠢ ᠪᠠᠷ 7% ᠣᠷᠴᠢᠮ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ ᠶᠢ ᠵᠢᠯ ᠳᠤᠮᠳᠠᠴᠢ ᠪᠠᠷ 4% ᠣᠷᠴᠢᠮ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ GDP ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠ ᠠᠷᠠᠯᠵᠢᠶᠠᠨ ᠤ ᠦᠷᠲᠡᠭ ᠢ ᠵᠢᠯ | ᠳᠤᠮᠳᠠᠴᠢ ᠪᠠᠷ ᠲᠣᠰ ᠲᠣᠰ 5% ᠣᠷᠴᠢᠮ ᠨᠡᠮᠡᠭᠳᠡᠭᠦᠯᠵᠦ᠂ ᠳᠡᠭᠡᠳᠦ ᠱᠠᠲᠤᠨ ᠤ ᠪᠠᠭᠤᠯᠭᠠᠭᠰᠠᠨ ᠡᠯ᠎ᠡ ᠵᠦᠢᠯ ᠤᠨ | ᠬᠢᠵᠠᠭᠠᠷᠯᠠᠬᠤ ᠴᠢᠨᠠᠷᠲᠠᠶ ᠬᠦᠢᠴᠡᠳᠬᠡᠯ ᠲᠤᠭ᠎ᠠ ᠶᠢ ᠶᠣᠰᠣᠴᠢᠯᠠᠨ ᠪᠡᠶᠡᠯᠡᠭᠦᠯᠦᠨ᠎ᠡ᠃ | ︵ᠨᠢᠭᠡ︶ ᠥᠭᠡᠷᠡᠴᠢᠯᠡᠯᠲᠡ ᠰᠢᠨᠡᠴᠢᠯᠡᠯᠳᠠ ᠨᠡᠭᠡᠭᠡᠯᠳᠠ ᠬᠦᠭᠵᠢᠬᠦᠯᠦᠯᠳᠠ ᠶᠢ ᠭᠤᠶᠢᠪᠢᠰᠢ ᠦᠭᠡᠢ ᠪᠠᠷᠢᠮᠲᠠᠯᠠᠵᠤ᠂ | ᠬᠤᠣᠰ ᠴᠢᠭᠯᠡᠯ ᠢᠶᠠᠷ ᠨᠡᠭᠡᠭᠡᠯᠳᠡ ᠬᠢᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ ᠪᠣᠯᠭᠠᠨ᠎ᠠ᠃ ᠰᠠᠭᠤᠷᠢ | ᠲᠥᠬᠦᠭᠡᠷᠦᠮᠵᠢ ᠶᠢᠨ ᠬᠤᠯᠪᠣᠯᠳᠣᠨ ᠨᠡᠪᠳᠡᠷᠡᠯᠴᠡᠬᠦ ᠶᠢ ᠳᠡᠷᠢᠬᠦᠨ ᠳᠤ ᠳᠠᠯᠪᠢᠬᠤ ᠶᠢ ᠪᠠᠷᠢᠮᠳᠠᠯᠠᠵᠦ᠂ ᠳᠤᠲᠠᠭᠤᠳᠠᠯ ᠢ | ᠨᠥᠬᠦᠪᠥᠷᠢᠯᠡᠬᠦ᠂ ᠪᠠᠭᠤᠷᠠᠶ ᠪᠠᠨ ᠴᠢᠩᠭᠠᠳᠬᠠᠬᠤ᠂ ᠰᠠᠭᠤᠷᠢ ᠪᠠᠨ ᠪᠠᠳᠣᠳᠬᠠᠬᠤ ᠶᠢ ᠲᠦᠷᠭᠡᠳᠬᠡᠵᠦ᠂ ᠪᠣᠭᠤᠮᠲᠠ ᠶᠢᠨ | ᠭᠦᠢᠰᠦ ᠵᠠᠩᠭᠢᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠲᠡᠮᠦᠷ | ᠵᠠᠮ ᠤᠨ ᠥᠷᠲᠡᠭᠡ ᠲᠠᠯᠠᠪᠤᠷ ᠪᠠ ᠵᠢᠨᠢᠩ — ᠡᠷᠢᠶᠡᠨ ᠱᠤᠭᠤᠮ ᠤᠨ ᠴᠢᠳᠠᠮᠵᠢ ᠶᠢ ᠥᠷᠭᠡᠳᠬᠡᠨ ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ᠂ ᠣᠯᠠᠨ ᠤᠯᠤᠰ ᠤᠨ ᠠᠭᠠᠷ ᠠᠶᠠᠯᠠᠯ ᠤᠨ | ᠪᠣᠭᠤᠮᠲᠠ ᠶᠢᠨ ᠭᠠᠳᠠᠭᠰᠢ ᠨᠡᠭᠡᠭᠡᠯᠲᠡ ᠬᠢᠬᠦ ᠶᠢ ᠵᠥᠪᠰᠢᠶᠡᠷᠡᠬᠦ᠂ ᠡᠷᠢᠶᠡᠨ ᠬᠤᠲᠠ — ᠤᠯᠠᠭᠠᠨᠪᠠᠭᠠᠲᠤᠷ — | ᠣᠯᠠᠭᠠᠠᠠᠦ᠋ᠳᠡ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ᠂ ᠡᠷᠢᠶᠡᠨ ᠬᠤᠲᠠ — | ᠰᠠᠶᠢᠨᠱᠠᠨᠳᠠ ᠣᠯᠠᠨ ᠤᠯᠤᠰ ᠤᠨ ᠬᠦᠨᠳᠦ ᠠᠴᠢᠶᠠᠨ ᠤ ᠵᠠᠰᠠᠮᠠᠯ ᠵᠠᠮ ᠵᠡᠷᠭᠡ ᠴᠢᠬᠤᠯᠠ ᠶᠡᠭᠡ ᠰᠠᠭᠤᠷᠢ | ᠳᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠳᠣᠲᠣᠨ᠎ᠠ ᠭᠠᠳᠠᠨᠠᠬᠢ ᠰᠠᠭᠤᠷᠢ | ᠳᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠬᠤᠯᠪᠣᠯᠳᠣᠬᠤ᠂ | ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠲᠠᠪᠴᠠᠩ ᠤᠨ ᠲᠤᠰᠠᠯᠠᠬᠤ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠨᠡᠭᠡᠭᠡᠯᠲᠡᠲᠦ ᠲᠠᠪᠴᠠᠩ ᠢ ᠥᠨᠳᠥᠷ ᠪᠠᠷᠢᠮᠵᠢᠶ᠎ᠠ ᠪᠠᠷ᠂ ᠨᠢᠭᠡ | ᠴᠤᠭᠴᠠᠵᠢᠭᠤᠯᠤᠨ ᠪᠥᠲᠥᠭᠡᠨ ᠪᠠᠶᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ | ᠳᠣᠭᠤᠷᠢᠭ ᠢ ᠪᠠᠶᠢᠭᠤᠯᠤᠨ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠦ᠂ ᠮᠣᠩᠭᠤᠯ ᠤᠨ ᠳᠠᠯ᠎ᠠ ᠲᠠᠢ | ᠬᠦᠳᠡᠯᠦᠯᠴᠡᠨ ᠬᠦᠭᠵᠢᠬᠦ ᠶᠢ ᠪᠡᠶᠡᠯᠡᠭᠦᠯᠵᠦ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠢ | ᠬᠥᠭᠵᠢᠭᠦᠯᠦᠨ ᠪᠤᠵᠠᠭᠠᠶᠢᠷᠠᠭᠤᠯᠵᠤ᠂ ᠬᠠᠷᠢᠯᠴᠠᠨ ᠠᠷᠠᠯᠵᠢᠶᠠᠯᠠᠬᠤ ᠲᠠᠸᠠᠷ ᠢ ᠭᠠᠳᠠᠭᠠᠳᠤ ᠠᠴᠠ ᠣᠷᠣᠭᠤᠯᠬᠤ ᠪᠠ | ᠪᠣᠳᠠᠲᠠᠶᠢᠵᠢᠭᠤᠯᠤᠨ ᠡᠳ᠋ᠰᠢᠭᠦᠯᠬᠦ ᠶᠢ ᠵᠡᠷᠭᠡᠪᠡᠷ ᠶᠠᠪᠣᠭᠳᠠᠭᠤᠯᠣᠨ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠳᠣᠭᠤᠷᠢᠭ ᠤᠨ ᠶᠡᠷᠦᠩᠬᠡᠢ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ︽ᠭᠤᠷᠪᠠᠨ ᠳᠣᠭᠤᠷᠢᠭ︾ ᠤᠨ ᠬᠠᠷᠢᠯᠴᠠᠨ ᠨᠦᠬᠦᠪᠣᠷᠢᠯᠡᠵᠦ᠂ ᠢᠯᠭᠠᠭ᠎ᠠ ᠵᠦᠷᠢᠶ᠎ᠡ ᠲᠠᠢ᠂ | ᠬᠦᠳᠡᠯᠦᠯᠴᠡᠨ ᠬᠥᠭᠵᠢᠬᠦ ᠶᠢ ᠪᠡᠶᠡᠯᠡᠭᠦᠯᠦᠨ᠎ᠡ᠃ ᠳᠣᠲᠣᠭᠠᠳᠤ ᠭᠠᠳᠠᠭᠠᠳᠤ ᠬᠤᠯᠪᠣᠭᠠᠯᠠᠨ ᠬᠦᠳᠡᠯᠦᠯᠴᠡᠭᠰᠡᠨ᠂ | ᠨᠡᠭᠡᠭᠡᠯᠲᠡ ᠲᠠᠢ ᠬᠠᠷᠢᠯᠴᠠᠭ᠎ᠠ ᠬᠠᠮᠲᠤᠷᠠᠯᠴᠠᠭᠠᠨ ᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ | ᠳᠣᠲᠣᠭᠠᠳᠤ ᠳᠠᠭᠠᠨ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ | ᠤᠯᠠᠭᠠᠨᠴᠠᠪ ᠯᠤᠭ᠎ᠠ ᠣᠷᠣᠨ ᠪᠦᠰᠡ ᠬᠠᠮᠵᠢᠯᠴᠠᠨ᠂ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠲᠦᠷᠭᠡᠳᠬᠡᠨ | ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠪᠡᠭᠡᠵᠢᠩ ᠲᠢᠶᠠᠨᠵᠢᠨ ᠡᠾᠧᠪᠸᠢ ᠵᠡᠷᠭᠡ ᠳᠣᠳᠣᠷ ᠭᠠᠵᠠᠷ ᠲᠠᠢ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠠᠷᠠᠯᠵᠢᠶ᠎ᠠ ᠪᠠᠷᠠᠭᠠᠨ ᠤ ᠬᠦᠢᠯᠭᠡᠭᠡᠨ ᠤ ᠦᠢᠯᠡᠰ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂ ᠴᠡᠪᠡᠷ | ᠡᠨᠧᠷᠬᠢ ᠵᠡᠷᠭᠡ ᠬᠦᠷᠢᠶᠡᠨ ᠳᠤ ᠭᠦᠨᠵᠡᠭᠡᠶ ᠬᠠᠮᠳᠣᠷᠠᠯᠴᠠᠨ᠂ ᠦᠷ᠎ᠡ ᠠᠰᠢᠭ ᠣᠯᠬᠤ ᠶᠢ ᠠᠬᠢᠭᠤᠯᠤᠨ᠂ ᠬᠢᠯᠢ ᠶᠢᠨ | ᠪᠣᠭᠤᠮᠲᠠ ᠪᠠᠷ ᠳᠠᠶᠢᠴᠢᠯᠠᠬᠤ᠂ ᠳᠣᠳᠣᠷ ᠭᠠᠵᠠᠷ ᠢᠶᠠᠷ ᠲᠤᠯᠭᠠᠭᠤᠷᠢᠯᠠᠬᠤ᠂ ᠬᠢᠯᠢ ᠬᠢᠵᠠᠭᠠᠷ ᠪᠠ ᠳᠣᠳᠣᠷ ᠭᠠᠵᠠᠷ | ᠬᠦᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠣᠨ᠎ᠠ᠃ ᠭᠠᠳᠠᠭᠠᠳᠤ ᠳᠤ ᠪᠠᠨ ︽ᠨᠢᠭᠡ ᠪᠦᠰᠡ ᠨᠢᠭᠡ | ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ | ᠭᠦᠨᠵᠡᠭᠡᠶ ᠠᠭᠤᠰᠤᠯᠴᠠᠵᠤ᠂ ᠮᠣᠩᠭᠤᠯ ᠤᠷᠤᠰ ᠵᠢᠴᠢ ᠡᠭᠡ ᠬᠠᠭᠤᠷᠠᠢ ᠶᠢᠨ ᠬᠥᠭᠦᠷᠭᠡ ᠳᠠᠭᠠᠤ ᠶᠢᠨ ᠭᠠᠵᠠᠷ ᠣᠷᠣᠨ | ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠬᠤᠭᠤᠷᠣᠨᠳᠣᠬᠢ | ᠬᠠᠷᠢᠯᠴᠠᠭ᠎ᠠ᠂ ᠰᠣᠶᠣᠯ ᠢᠷᠭᠡᠨᠰᠢᠯ ᠤᠨ ᠶᠠᠪᠤᠯᠴᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠠᠵᠤ ᠠᠬᠤᠢ | ᠠᠷᠠᠯᠵᠢᠶ᠎ᠠ ᠪᠠᠷᠠᠭᠠᠨ ᠤ ᠭᠦᠢᠯᠭᠡᠭᠡ᠂ ᠰᠤᠷᠭᠠᠨ ᠬᠥᠮᠦᠵᠢᠯ᠂ ᠰᠣᠶᠣᠯ ᠲᠠᠮᠢᠷ᠂ ᠡᠷᠡᠭᠦᠯ ᠬᠠᠮᠠᠭᠠᠯᠠᠯ᠂ ᠵᠢᠭᠤᠯᠴᠢᠯᠠᠯ᠂ | ᠠᠮᠢ ᠠᠬᠤᠢ ᠵᠡᠷᠭᠡ ᠪᠣᠳᠠᠳᠦ ᠬᠦᠷᠢᠶᠡᠨ ᠳᠠᠬᠢ ᠪᠣᠳᠠᠳᠣ ᠬᠠᠮᠲᠤᠷᠠᠯᠴᠠᠭ᠎ᠠ᠂ ᠶᠠᠰᠤ ᠴᠢᠨᠠᠷ ᠢ ᠳᠡᠭᠡᠭᠰᠢᠯᠡᠭᠦᠯᠵᠦ ᠲᠡᠰ | ᠳᠡᠪᠰᠢᠭᠦᠯᠬᠦ ᠶᠢ ᠠᠬᠢᠭᠤᠯᠣᠨ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ᠂ ᠨᠡᠩ ᠥᠨᠳᠥᠷ ᠲᠦᠪᠰᠢᠨ | ᠳᠠᠬᠢ ᠭᠠᠳᠠᠭᠠᠳᠤ ᠨᠡᠬᠡᠬᠡᠯᠳᠡ ᠶᠢ ᠪᠡᠶᠡᠯᠡᠭᠦᠯᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ | ᠰᠢᠪᠲᠤᠯᠤᠯᠲᠠ ᠭᠠᠷᠭᠠᠨ᠂ ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠰᠢᠯᠢᠳᠡᠭᠵᠢᠭᠦᠯᠬᠦ ᠢᠨᠵᠧᠨᠧᠷᠢᠩ ᠢ | ᠲᠦᠷᠭᠡᠪᠴᠢᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ | ᠲᠦᠯᠬᠢᠨ ᠠᠬᠢᠭᠤᠯᠵᠤ᠂ ᠭᠤᠭᠴᠤᠭ᠎ᠠ ᠶᠢ ᠪᠠᠭᠠᠰᠬᠠᠬᠤ᠂ ᠴᠠᠭ ᠬᠤᠭᠤᠴᠠᠭ᠎ᠠ ᠶᠢ ᠪᠣᠭᠤᠨᠢᠰᠬᠠᠬᠤ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠪᠠᠭᠤᠷᠠᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ | ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠦᠪᠰᠢᠶᠡᠷᠡᠯ ᠣᠯᠭᠤᠬᠤ ᠭᠤᠭᠴᠤᠭ᠎ᠠ ᠶᠢ ᠬᠠᠮᠤᠭ ᠴᠦᠬᠡᠨ᠂ | ᠶᠠᠪᠣᠴᠠ ᠶᠢ ᠬᠠᠮᠤᠭ ᠣᠬᠤᠷ ᠪᠣᠯᠭᠠᠵᠣ᠂ ᠬᠤᠳᠠᠯᠳᠤᠭ᠎ᠠ ᠡᠵᠡᠩᠨᠡᠯᠳᠠ ᠶᠢᠨ ᠣᠷᠴᠢᠨ ᠢ ᠬᠠᠦᠯᠢ ᠲᠦᠷᠢᠮᠵᠢᠭᠦᠯᠬᠦ᠂ | ᠵᠠᠬ᠎ᠠ ᠳᠡᠯᠭᠡᠭᠦᠷᠵᠢᠭᠦᠯᠬᠦ ᠪᠠ ᠲᠦᠭᠦᠮᠴᠢᠯᠡᠨ ᠬᠢᠯᠪᠠᠷᠴᠢᠯᠠᠬᠤ ᠬᠠᠷᠠᠯᠲᠠ ᠶᠢ ᠪᠡᠶᠡᠯᠡᠭᠦᠯᠦᠨ᠎ᠡ᠃ | ︵ᠬᠤᠶᠠᠷ︶ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠪᠠᠷᠢᠮᠲᠠᠯᠠᠵᠤ᠂ ᠠᠵᠤ ᠦᠢᠯᠡᠰ ᠤᠨ ᠲᠠᠰ | ᠳᠡᠪᠰᠢᠬᠦ ᠲᠠᠯ᠎ᠠ ᠪᠠᠷ ᠨᠠᠩ ᠶᠡᠭᠡ ᠠᠯᠬᠤᠮ ᠢ ᠠᠯᠬᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠦᠷᠭᠡᠳᠬᠡᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ | ᠪᠠᠶᠢᠭᠤᠯᠬᠤ ᠳᠣᠬᠠᠢ ︽ᠲᠠᠪᠤᠨ ᠡᠷᠬᠡᠪᠰᠢ︾ ︽ᠭᠤᠷᠪᠠ ᠶᠢ ᠬᠤᠪᠢᠷᠠᠭᠤᠯᠬᠤ︾ ᠱᠠᠭᠠᠷᠳᠠᠯᠭ᠎ᠠ ᠶᠢ ᠪᠦᠬᠦ ᠳᠠᠯ᠎ᠠ ᠪᠠᠷ | ᠨᠠᠶᠢᠳᠠᠪᠣᠷᠢᠵᠢᠭᠤᠯᠵᠦ᠂ ᠠᠷᠠᠯᠵᠢᠶ᠎ᠡ ᠬᠤᠳᠠᠯᠳᠤᠭ᠎ᠠ ᠪᠠᠷ ᠬᠤᠳᠠ ᠪᠠᠨ ᠬᠦᠭᠵᠢᠬᠦᠯᠬᠦ ᠶᠢᠨ ᠳᠣᠭᠤᠷᠢᠨ ᠳᠤ᠂ | ᠭᠠᠳᠠᠭᠠᠳᠤ ᠠᠷᠠᠯᠵᠢᠶ᠎ᠠ ᠶᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠮᠣᠩᠭᠤᠯ | ᠣᠷᠣᠰ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠭᠦᠨᠵᠡᠭᠡᠶ ᠰᠣᠳᠣᠯᠵᠦ᠂ ᠠᠭᠤᠷᠬᠠᠶ ᠶᠢᠨ ᠪᠦᠳᠦᠭᠡᠭᠳᠡᠬᠦᠨ᠂ | ᠮᠣᠳᠣᠨ ᠮᠠᠲ᠋ᠧᠷᠢᠶᠠᠯ᠂ ᠠᠮᠤ ᠳᠣᠰᠣ᠂ ᠴᠠᠭᠠᠰᠤᠨ ᠡᠭᠡᠳᠡᠩ ᠵᠡᠷᠭᠡ ᠤᠯᠠᠮᠵᠢᠯᠠᠯᠲᠤ ᠲᠠᠸᠠᠷ ᠢ ᠭᠠᠳᠠᠭᠠᠳᠤ ᠠᠴᠠ | ᠣᠷᠣᠭᠤᠯᠬᠤ ᠬᠡᠪᠴᠢᠶ᠎ᠡ ᠶᠢ ᠪᠠᠲᠤᠯᠠᠨ᠂ ᠨᠡᠭᠦᠷᠡᠰᠦ᠂ ᠮᠢᠬᠠᠨ ᠤ ᠵᠦᠢᠯ᠂ ᠬᠢᠳᠠᠳ ᠡᠮ ᠤᠨ ᠮᠠᠲ᠋ᠧᠷᠢᠶᠠᠯ᠂ | ᠪᠠᠶᠢᠭᠠᠯᠢ ᠶᠢᠨ ᠰᠢᠲᠠᠮᠠᠬᠠᠶ ᠬᠡᠶ᠂ ᠬᠢᠮᠢ ᠶᠢᠨ ᠪᠣᠷᠲᠣᠭᠤᠷ ᠵᠡᠷᠭᠡ ᠭᠠᠳᠠᠭᠠᠳᠤ ᠠᠴᠠ ᠣᠷᠣᠭᠤᠯᠬᠤ ᠲᠠᠸᠠᠷ ᠤᠨ ᠲᠥᠷᠥᠯ | ᠵᠦᠢᠯ ᠢ ᠴᠢᠷᠮᠠᠶᠢᠨ ᠥᠷᠭᠡᠳᠬᠡᠵᠦ᠂ ᠲᠡᠮᠦᠷᠯᠢᠭ ᠡᠳ᠋ᠯᠡᠯ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ ᠮᠠᠰᠢᠨ | ᠴᠠᠬᠢᠯᠭᠠᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠲᠠᠸᠠᠷ ᠤᠨ ᠭᠠᠳᠠᠭᠠᠳᠤ ᠳᠤ ᠭᠠᠷᠭᠠᠬᠤ ᠬᠤᠪᠢ ᠶᠢᠨ | ᠲᠤᠭ᠎ᠠ ᠶᠢ ᠨᠡᠮᠡᠭᠳᠡᠭᠦᠯᠦᠨ᠎ᠡ᠃ ᠤᠯᠠᠭᠠᠨᠴᠠᠪ — ᠡᠷᠢᠶᠡᠨ ᠬᠤᠲᠠ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ | ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡᠨᠲᠡ | ᠪᠠᠶᠢᠭ᠎ᠠ ᠪᠠᠷᠠᠭᠠᠨ ᠤ ᠬᠦᠢᠯᠭᠡᠭᠡᠨ ᠤ ᠳᠣᠭᠤᠷᠢᠭ ᠢ ᠳᠡᠰ ᠳᠡᠪᠰᠢᠬᠦᠯᠦᠨ ᠥᠭᠡᠷᠡᠴᠢᠯᠡᠵᠦ᠂ ᠳᠤᠮᠳᠠᠳᠤ ᠮᠣᠩᠭᠤᠯ ᠤᠨ | ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠲᠡᠮᠦᠷ ᠵᠠᠮ ᠤᠨ ᠪᠠᠷᠠᠭᠠᠨ ᠤ ᠬᠦᠢᠯᠭᠡᠭᠡᠨ ᠤ ᠳᠣᠭᠤᠷᠢᠭ᠂ | ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠪᠠᠷᠠᠭᠠᠨ ᠤ ᠬᠦᠢᠯᠭᠡᠭᠡᠨ ᠤ ᠳᠣᠭᠤᠷᠢᠭ ᠵᠡᠷᠭᠡ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠷ᠎ᠡ ᠪᠦᠲᠦᠮᠵᠢᠲᠡᠶ ᠣᠲᠣ | ᠦᠶ᠎ᠡ ᠶᠢᠨ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠣᠨ᠎ᠠ᠃ ᠭᠠᠳᠠᠭᠠᠳᠤ ᠠᠷᠠᠯᠵᠢᠶᠠᠨ ᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠪᠴᠢᠯᠡᠨ ᠪᠤᠶᠢᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠵᠤ᠂ ᠭᠠᠳᠠᠭᠠᠳᠤ | ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠠᠭᠤᠷᠢᠨ ᠭᠠᠵᠠᠷ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠭᠤᠶᠤᠴᠢᠯᠠᠨ ᠪᠦᠳᠦᠭᠡᠨ ᠪᠠᠶᠢᠭᠤᠯᠵᠤ | ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠬᠡᠮᠵᠢᠶ᠎ᠡ ᠶᠠᠰᠤ ᠴᠢᠨᠠᠷ ᠢ | ᠵᠡᠷᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠠᠵᠤ ᠦᠢᠯᠡᠰ ᠢᠶᠠᠷ ᠬᠤᠳᠠ ᠪᠠᠨ ᠬᠦᠭᠵᠢᠬᠦᠯᠬᠦ ᠳᠣᠭᠤᠷᠢᠨ ᠳᠤ᠂ | ᠤᠨᠴᠠᠯᠢᠭᠳᠤ ᠠᠵᠤ ᠦᠢᠯᠡᠰ ᠢ ᠪᠤᠶᠢᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠲᠥᠪᠯᠡᠷᠡᠭᠦᠯᠦᠨ ᠡᠷᠴᠢᠮᠵᠢᠬᠦᠯᠦᠨ ᠬᠦᠭᠵᠢᠬᠦᠯᠬᠦ ᠶᠢ | ᠪᠠᠷᠢᠮᠲᠠᠯᠠᠵᠤ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠠᠵᠤ ᠠᠬᠤᠶᠢᠯᠠᠯ ᠢ ᠡᠮᠬᠢᠯᠡᠨ | ᠨᠡᠶᠢᠯᠡᠭᠦᠯᠵᠣ ᠳᠠᠬᠢᠨ ᠪᠠᠶᠢᠭᠤᠯᠬᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠭᠡᠨ ᠠᠬᠢᠭᠤᠯᠵᠣ | ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠮᠣᠩᠭᠤᠯ ᠣᠷᠣᠰ ᠤᠨ ᠡᠬᠢ ᠪᠠᠶᠠᠯᠢᠭ ᠲᠤ | ᠳᠦᠰᠢᠭᠯᠡᠭᠰᠡᠨ ᠭᠠᠳᠠᠭᠠᠳᠦ ᠠᠴᠠ ᠣᠷᠣᠭᠤᠯᠵᠤ ᠡᠳ᠋ᠰᠢᠭᠦᠯᠬᠦ ᠦᠢᠯᠡᠰ ᠪᠠ ᠮᠣᠩᠭᠤᠯ ᠣᠷᠣᠰ ᠤᠨ ᠵᠠᠬ᠎ᠠ | ᠳᠡᠯᠭᠡᠭᠦᠷ ᠤᠨ ᠱᠠᠭᠠᠷᠳᠠᠯᠭ᠎ᠠ ᠳᠤ ᠳᠣᠬᠢᠷᠠᠭᠰᠠᠨ ᠭᠠᠳᠠᠭᠠᠳᠦ ᠳᠤ ᠭᠠᠷᠭᠠᠬᠤ ᠡᠳ᠋ᠰᠢᠭᠦᠯᠬᠦ ᠦᠢᠯᠡᠰ ᠢ ᠬᠥᠭᠵᠢᠭᠦᠯᠵᠦ᠂ | ᠮᠢᠩᠭᠠᠨ ᠲᠦᠮᠡᠨ ᠲᠣᠨ ᠲᠡᠮᠦᠷ ᠤᠨ ᠬᠦᠳᠡᠷ᠂ ᠵᠠᠭᠤᠨ ᠲᠦᠮᠡᠨ ᠲᠣᠨ ᠠᠮᠤ ᠲᠣᠰᠣ᠂ ᠲᠦᠮᠡᠨ ᠲᠣᠨ ᠮᠠᠯ ᠠᠵᠦ | ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠢᠯᠢ ᠶᠢᠨ ᠰᠣᠶᠣᠯ | ᠵᠢᠭᠤᠯᠴᠢᠯᠠᠯ ᠤᠨ ᠦᠢᠯᠡᠰ ᠢ ᠭᠦᠨᠵᠡᠭᠡᠶ ᠠᠭᠤᠰᠣᠯᠴᠠᠭᠤᠯᠣᠨ ᠬᠦᠭᠵᠢᠬᠦᠯᠬᠦ ᠶᠢ ᠪᠠᠷᠢᠮᠲᠠᠯᠠᠵᠤ᠂ ᠤᠯᠤᠰ ᠤᠨ ᠪᠦᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠦᠷ᠎ᠡ ᠪᠦᠲᠦᠭᠡᠯ ᠢ ᠥᠷᠭᠡᠳᠬᠡᠬᠦ ᠪᠠᠷ | ᠭᠠᠷᠳᠠᠴᠠ ᠪᠣᠯᠭᠠᠵᠤ᠂ ᠬᠢᠯᠢ ᠶᠢᠨ ᠣᠨᠴᠠᠯᠢᠭ᠂ ᠴᠠᠶ ᠶᠢᠨ ᠵᠠᠮ ᠤᠨ ᠤᠯᠠᠭ᠎ᠠ ᠥᠷᠲᠡᠭᠡ᠂ ᠠᠪᠤᠷᠭᠤ ᠭᠦᠷᠪᠡᠯ ᠤᠨ | ᠦᠯᠡᠳᠡᠭᠳᠡᠯ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠯᠠᠵᠤ᠂ ᠳᠤᠮᠳᠠᠳᠤ ᠮᠣᠩᠭᠤᠯ ᠤᠨ | ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ᠂ ᠤᠯᠤᠰ ᠤᠨ ᠬᠢᠯᠢ ᠬᠢᠵᠠᠭᠠᠷ ᠤᠨ | ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠤᠨ | ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠢᠳᠪᠣᠷᠢᠯᠡᠵᠦ᠂ ᠤᠮᠠᠷᠠᠲᠤ ᠣᠷᠣᠨ ᠤ ᠴᠢᠬᠤᠯᠠ ᠬᠢᠯᠢ ᠶᠢᠨ ᠰᠣᠶᠣᠯ | ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠣᠷᠣᠨ ᠢ ᠬᠦᠴᠦᠯᠡᠨ ᠪᠠᠶᠢᠭᠤᠯᠤᠨ᠎ᠠ᠃ ᠴᠡᠪᠡᠷ ᠡᠨᠧᠷᠭᠢ ᠶᠢᠨ | ᠦᠢᠯᠡᠰ ᠢ ᠪᠣᠬᠢᠷᠲᠤᠯ ᠥᠬᠡᠶ ᠵᠣᠬᠢᠴᠠᠩᠭᠤᠢ ᠬᠦᠭᠵᠢᠬᠦᠯᠬᠦ ᠶᠢ ᠪᠠᠷᠢᠮᠲᠠᠯᠠᠨ᠂ ᠰᠠᠯᠬᠢ ᠭᠡᠷᠡᠯ ᠤᠨ ᠡᠬᠢ ᠪᠠᠶᠠᠯᠢᠭ | ᠡᠯᠪᠡᠭ᠂ ᠪᠥᠲᠥᠭᠡᠨ ᠪᠠᠶᠢᠭᠤᠯᠤᠯᠲᠠ ᠶᠢᠨ ᠥᠷᠲᠡᠭ ᠳᠣᠤᠷ᠎ᠠ ᠪᠠᠶᠢᠳᠠᠭ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ | ᠰᠠᠯᠬᠢᠨ ᠤ ᠡᠨᠧᠷᠬᠢ᠂ ᠨᠠᠷᠠᠨ ᠤ ᠡᠨᠧᠷᠬᠢ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠡᠨᠧᠷᠭᠢ ᠶᠢ ᠭᠠᠳᠠᠭᠰᠢ ᠵᠦᠭᠡᠭᠡᠪᠣᠷᠢᠯᠡᠬᠦ ᠭᠠᠷᠴᠠ ᠶᠢ ᠪᠥᠲᠥᠭᠡᠨ | ᠪᠠᠶᠢᠭᠤᠯᠬᠤ ᠶᠢ ᠬᠦᠭᠡᠭᠡᠴᠡᠯᠳᠣᠨ᠂ ᠳᠠᠬᠢᠨ ᠠᠰᠢᠭᠯᠠᠵᠦ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠤᠷ᠂ ᠢᠯᠴᠢ | ᠴᠠᠬᠢᠯᠭᠠᠨ ᠢ ᠵᠡᠷᠭᠡᠪᠡᠷ ᠦᠢᠯᠡᠳᠪᠣᠷᠢᠯᠡᠬᠦ ᠵᠡᠷᠭᠡ ᠳᠣᠮᠣ ᠴᠢᠬᠤᠯᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠵᠠᠭᠤᠨ ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ | ᠪᠠᠶᠢᠭᠤᠯᠤᠨ᠎ᠠ᠃ | ︵ᠭᠤᠷᠪᠠ︶ ᠬᠤᠲᠠ ᠬᠥᠳᠡᠭᠡ ᠶᠢ ᠠᠭᠤᠰᠣᠯᠴᠠᠭᠤᠯᠣᠨ ᠬᠦᠭᠵᠢᠬᠦᠯᠬᠦ ᠶᠢ ᠭᠤᠶᠢᠪᠢᠰᠢ ᠥᠬᠡᠶ ᠪᠠᠷᠢᠮᠲᠠᠯᠠᠵᠤ᠂ | ᠣᠷᠣᠰᠢᠨ ᠠᠮᠢᠳᠣᠷᠠᠬᠤ ᠦᠢᠯᠡᠰ ᠴᠣᠭᠴᠠᠯᠠᠬᠤ ᠳᠤ ᠳᠣᠬᠢᠷᠠᠮᠵᠢᠳᠠᠢ ᠳᠠᠯ᠎ᠠ ᠪᠠᠷ ᠨᠠᠩ ᠣᠯᠠᠨ ᠬᠦᠰᠡᠯ ᠡᠷᠡᠮᠡᠯᠵᠡᠯ ᠢ | ᠬᠠᠩᠭᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠠᠮᠢ ᠠᠬᠤᠶ ᠶᠢ ᠲᠡᠷᠢᠭᠦᠨ ᠳᠤ ᠳᠠᠯᠪᠢᠨ᠂ ᠪᠣᠬᠢᠷᠲᠤᠯ ᠥᠭᠡᠢ ᠬᠦᠭᠵᠢᠯᠳᠠ ᠶᠢ ᠪᠠᠷᠢᠮᠳᠠᠯᠠᠵᠦ᠂ ᠨᠡᠭᠦᠷᠡᠰᠦᠲᠥ᠋ᠷᠥᠭᠴᠢ | ᠶᠢᠨ ᠭᠠᠳᠠᠭᠰᠢᠯᠠᠭᠤᠯᠣᠯᠳᠠ ᠶᠢᠨ ᠤᠷᠬᠢᠯ ᠦᠶ᠎ᠡ ᠪᠠ ᠨᠡᠬᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠬᠠᠷᠠᠯᠳᠠ ᠶᠢ | ᠳᠣᠭᠳᠠᠭᠤᠨ ᠡᠵᠡᠮᠳᠡᠵᠦ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠰᠢᠯ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠤᠨ᠂ ︽ᠭᠤᠷᠪᠠᠨ ᠣᠷᠣᠨ ᠵᠠᠢ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ | ᠡᠵᠡᠮᠳᠡᠨ᠎ᠡ᠃ ᠤᠮᠠᠷᠠᠲᠤ ᠣᠷᠣᠨ ᠤ ᠡᠯᠡᠰᠦ ᠶᠢ ᠰᠡᠷᠭᠡᠶᠢᠯᠡᠬᠦ ᠪᠦᠰᠡ᠂ ᠠᠭᠤᠷᠬᠠᠶ ᠶᠢᠨ ᠣᠷᠴᠢᠨ ᠠᠬᠤᠶ ᠶᠢ ᠵᠠᠰᠠᠬᠤ | ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠠᠭᠤᠯᠠ ᠤᠰᠤ ᠤᠢ ᠲᠠᠷᠢᠶ᠎ᠠ | ᠨᠠᠭᠤᠷ ᠪᠡᠯᠴᠢᠭᠡᠷ ᠡᠯᠡᠰᠦ ᠶᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ | ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠬᠠᠯᠬᠠᠪᠴᠢ ᠶᠢ ᠤᠯᠠᠮ ᠨᠢᠭᠡ ᠠᠯᠬᠤᠮ | ᠪᠠᠬᠢᠵᠢᠭᠦᠯᠦᠨ᠎ᠡ᠃ ᠬᠤᠲᠠ ᠶᠢᠨ ᠰᠢᠨᠡᠴᠢᠯᠡᠯᠳᠡ ᠶᠢ ᠲᠦᠷᠭᠡᠳᠬᠡᠨ᠂ ᠬᠤᠲᠠ ᠶᠢᠨ ᠳᠦᠷᠰᠦ ᠪᠠᠶᠢᠳᠠᠯ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ᠂ ᠡᠵᠡᠩᠨᠡᠯᠲᠡ ᠶᠢᠨ ᠡᠮᠬᠢ ᠳᠢᠭᠯᠢᠮ᠂ | ᠰᠠᠭᠤᠭᠠᠯᠢ ᠲᠣᠭᠤᠷᠢᠭ ᠤᠨ ᠠᠳᠠᠯ ᠠᠬᠤᠶ ᠵᠡᠷᠭᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠣᠳᠠᠲᠠᠶᠢᠵᠢᠭᠤᠯᠵᠤ | ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ | ᠲᠦᠷᠭᠡᠳᠬᠡᠨ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠣᠷᠠᠬᠤ ᠣᠷᠴᠢᠨ ᠢ ᠵᠠᠰᠠᠨ | ᠴᠡᠭᠴᠡᠯᠡᠵᠦ ᠳᠡᠰ ᠳᠡᠪᠰᠢᠬᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ | ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠣᠲᠣ ᠦᠶ᠎ᠡ ᠶᠢᠨ ᠳᠠᠷᠢᠵᠤ ᠲᠡᠵᠢᠭᠡᠬᠦ ᠦᠢᠯᠡᠰ᠂ ᠮᠠᠯ ᠠᠵᠦ ᠠᠬᠤᠢ ᠶᠢᠨ | ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠬᠥᠳᠡᠭᠡ ᠲᠣᠰᠬᠤᠨ ᠤ ᠤᠨᠴᠠᠯᠢᠭᠳᠤ ᠵᠢᠭᠤᠯᠴᠢᠯᠠᠯ ᠤᠨ ᠦᠢᠯᠡᠰ ᠢ | ᠬᠥᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠯᠳᠠ ᠶᠢᠨ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠦ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠯᠳᠠ ᠪᠠ ᠳᠡᠳᠬᠦᠨ ᠳᠡᠮᠵᠢᠬᠦ ᠲᠣᠭᠲᠠᠴᠠ ᠶᠢ ᠪᠦᠷᠢᠨᠰᠢᠬᠦᠯᠵᠦ᠂ ᠮᠠᠯ ᠠᠵᠤ ᠠᠬᠤᠢ | ᠲᠠᠷᠢᠶᠠᠯᠠᠩ ᠢ ᠡᠷᠴᠢᠮᠵᠢᠭᠦᠯᠦᠨ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠲᠥᠬᠦᠭᠡᠷᠦᠮᠵᠢ ᠶᠢ | ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠨ ᠢ ᠪᠠᠶᠠᠨ ᠴᠢᠨᠡᠭᠡᠯᠢᠭ ᠪᠣᠯᠭᠠᠬᠤ ᠶᠢ ᠠᠬᠢᠭᠤᠯᠤᠨ᠎ᠠ᠃ | ︵ᠲᠦᠷᠪᠡ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ | ᠬᠠᠮᠲᠤ ᠪᠠᠷ ᠴᠢᠨᠡᠭᠡᠯᠢᠭᠵᠢᠬᠦ ᠲᠠᠯ᠎ᠠ ᠪᠠᠷ ᠨᠡᠩ ᠥᠨᠳᠥᠷ ᠲᠦᠪᠰᠢᠨ ᠳᠤ ᠬᠦᠷᠭᠡᠨ᠎ᠡ᠃ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢ ᠢᠮᠠᠭᠲᠠ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠵᠣᠷᠢᠯᠭ᠎ᠠ ᠪᠣᠯᠭᠠᠵᠤ᠂ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ | ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠠᠮᠢᠳᠣᠷᠠᠯ ᠢ ᠪᠠᠲᠤᠯᠠᠬᠤ ᠴᠢᠨᠠᠷᠲᠠᠢ ᠠᠷᠠᠳ ᠤᠨ | ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠵᠤ᠂ ᠠᠷᠠᠳ | ᠲᠦᠮᠡᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠬᠤ ᠪᠠᠷ ᠴᠢᠷᠮᠠᠶᠢᠨ᠎ᠠ᠃ ᠠᠵᠢᠯ ᠣᠯᠭᠤᠯᠳᠠ ᠪᠠᠷ ᠠᠷᠠᠳ ᠲᠤ | ᠠᠰᠢᠭ ᠬᠦᠷᠳᠡᠬᠡᠬᠦ ᠶᠢ ᠪᠠᠷᠢᠮᠳᠠᠯᠠᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢ ᠠᠬᠢᠭᠤᠯᠬᠤ ᠪᠣᠯᠪᠠᠰᠤᠷᠠᠭᠤᠯᠤᠯ ᠢ | ᠴᠢᠩᠭᠠᠳᠬᠠᠵᠤ᠂ ᠠᠵᠢᠯ ᠣᠯᠭᠤᠯᠳᠠ ᠶᠢ ᠦᠨᠡᠨᠬᠦ ᠳᠣᠭᠳᠠᠪᠣᠷᠢᠵᠢᠭᠤᠯᠣᠨ ᠦᠷᠬᠡᠳᠬᠡᠨ᠎ᠡ᠃ ᠰᠤᠷᠭᠠᠨ ᠬᠥᠮᠦᠵᠢᠯ᠂ | ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠶᠢᠨ ᠠᠷᠠᠳ ᠤᠨ ᠳᠦᠯᠦᠭᠡ ᠪᠠᠶᠢᠬᠤ ᠶᠢ ᠪᠠᠷᠢᠮᠲᠠᠯᠠᠵᠤ᠂ ᠴᠢᠨᠠᠷ ᠰᠠᠶᠢᠲᠠᠶ | ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ ᠡᠮᠴᠢᠯᠡᠭᠡᠨ ᠤ ᠠᠪᠤᠷᠠᠨ ᠵᠠᠰᠠᠬᠤ ᠦᠢᠯᠡᠴᠢᠯᠡᠭᠡᠨ ᠤ ᠬᠢᠷᠢ | ᠳᠦᠪᠰᠢᠨ ᠢ ᠳᠡᠭᠡᠭᠰᠢᠯᠡᠭᠦᠯᠵᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠪᠦᠷᠢᠨᠰᠢᠬᠦᠯᠵᠦ᠂ ᠦᠨᠳᠣᠰᠣᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠭᠳᠡᠷᠡᠭᠰᠡᠨ ᠳᠦᠪᠰᠢᠨ ᠢ | ᠳᠡᠭᠡᠭᠰᠢᠯᠡᠭᠦᠯᠦᠨ᠎ᠡ᠃ ᠨᠠᠶᠢᠬᠡᠮ ᠤᠨ ᠵᠠᠰᠠᠯᠳᠠ ᠶᠢ ᠴᠢᠩᠭᠠᠳᠬᠠᠬᠤ ᠪᠠ ᠰᠢᠨᠡᠴᠢᠯᠡᠵᠣ᠂ ᠨᠡᠶᠢᠭᠡᠮ ᠲᠣᠭᠤᠷᠢᠭ ᠤᠨ | ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ᠂ ᠭᠡᠰᠡᠭᠴᠢᠯᠡᠨ ᠬᠠᠮᠢᠶᠠᠷᠬᠤ᠂ ᠨᠠᠷᠢᠯᠢᠬᠵᠢᠭᠤᠯᠤᠨ ᠦᠢᠯᠡᠴᠢᠯᠡᠬᠦ ᠶᠢ | ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠡᠷᠢᠶᠡᠨ ᠤ ᠪᠠᠶᠢᠭᠤᠯᠤᠯᠲᠠ ᠶᠢ ᠲᠦᠷᠭᠡᠳᠬᠡᠨ᠂ ᠬᠠᠤᠯᠢ ᠶᠢ ᠴᠢᠩᠭ᠎ᠠ | ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ | ᠲᠦᠯᠬᠢᠨ ᠠᠬᠢᠭᠤᠯᠵᠤ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠦᠨ᠎ᠡ᠃ | ᠪᠦᠬᠦᠶᠢᠯᠡ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠵᠦᠢᠯ ᠤᠨ ᠠᠶᠤᠯ ᠲᠦᠭᠰᠢᠭᠦᠷᠢ᠂ | ᠦᠨᠳᠦᠰᠦᠲᠡᠨ ᠤ ᠬᠦᠷᠢᠶᠡᠨ ᠳᠠᠬᠢ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠤᠯᠠᠨ ᠨᠡᠶᠢᠲᠡ ᠶᠢᠨ | ᠠᠮᠤᠷ ᠲᠦᠪᠰᠢᠨ ᠤ ᠰᠢᠰᠲ᠋ᠧᠮ ᠢ ᠪᠦᠷᠢᠨᠰᠢᠬᠦᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠳᠢᠳᠢᠮᠯᠢᠭ | ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠵᠢᠴᠢ | ᠪᠠᠳᠣᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠴᠢ ᠬᠢᠯᠢ᠂ ᠨᠠᠶᠢᠬᠡᠮ ᠤᠨ ᠠᠮᠣᠷ ᠳᠦᠪᠰᠢᠨ ᠢ | ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ᠬᠢᠯᠢ ᠬᠢᠵᠠᠭᠠᠷ ᠢ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠴᠢᠩᠭ᠎ᠠ ᠠᠳᠬᠤᠵᠦ᠂ ᠬᠢᠯᠢ ᠬᠢᠵᠠᠭᠠᠷ ᠤᠨ ᠠᠮᠤᠷ | ᠲᠣᠭᠲᠠᠭᠤᠨ᠂ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠰᠡᠷᠬᠡᠶᠢᠯᠡᠨ᠎ᠡ᠃ ᠵᠠᠬ᠎ᠠ | ᠳᠡᠯᠬᠡᠬᠦᠷ ᠤᠨ ᠬᠢᠨᠠᠨ ᠬᠠᠮᠢᠶᠠᠷᠣᠯᠳᠠ ᠪᠠᠨ ᠴᠢᠩᠭᠠᠳᠬᠠᠵᠦ᠂ ᠢᠳᠡᠬᠡᠨ ᠤ ᠵᠦᠢᠯ ᠪᠠ ᠡᠮ ᠤᠨ ᠵᠦᠢᠯ ᠤᠨ ᠠᠮᠣᠷ | ᠳᠦᠪᠰᠢᠨ ᠤ ᠬᠤᠷᠢᠭ᠎ᠠ ᠱᠣᠭᠤᠮ ᠢ ᠪᠠᠳᠦ ᠰᠠᠬᠢᠨ᠎ᠠ᠃ ᠰᠦᠯᠵᠢᠶᠡᠨ ᠤ ᠠᠮᠣᠷ ᠳᠦᠪᠰᠢᠨ ᠤ ᠪᠠᠳᠣᠯᠠᠭ᠎ᠠ ᠶᠢ | ᠴᠢᠩᠭᠠᠳᠬᠠᠵᠦ᠂ ᠰᠦᠯᠵᠢᠶᠡᠨ ᠤ ᠠᠮᠣᠷ ᠳᠦᠪᠰᠢᠨ ᠤ ᠬᠠᠯᠬᠠᠪᠴᠢ ᠶᠢ ᠪᠠᠳᠣᠳᠬᠠᠨ᠎ᠠ᠃ | ᠭᠤᠷᠪᠠ᠂ 2022 ᠣᠨ ᠤ ᠠᠵᠢᠯ ᠤᠨ ᠬᠠᠷᠠᠯᠲᠠ ᠪᠠ ᠭᠤᠣᠯ ᠡᠭᠦᠷᠭᠡ | ᠦᠨᠥ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠂ ᠨᠠᠩ ᠴᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠠᠯᠠᠭᠤᠯᠤᠨ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ ᠪᠣᠯᠣᠨ᠎ᠠ᠃ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠤᠤᠷ᠎ᠠ᠂ ᠲᠥᠪ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠣᠣᠱᠠᠯᠠᠭᠤᠯᠤᠨ ᠨᠠᠶᠢᠳᠠᠪᠤᠷᠢᠵᠢᠭᠤᠯᠵᠤ᠂ ︽ᠲᠤᠯᠤᠭᠠᠨ ᠶᠡᠭᠡ ᠲᠥᠷᠥ ᠶᠢᠨ | ᠪᠣᠳᠣᠯᠭ᠎ᠠ︾ ᠶᠢᠨ ᠬᠠᠨᠳᠤᠰᠢ ᠪᠠ ︽ᠲᠠᠪᠤ ᠶᠢ ᠵᠥᠪ ᠲᠠᠨᠢᠵᠤ ᠡᠵᠡᠮᠰᠢᠬᠦ︾ ᠶᠢ ᠣᠨᠣᠪᠴᠢᠲᠠᠶ ᠣᠶᠢᠯᠠᠭᠠᠨ᠂ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠠᠭᠠᠬᠤ ᠮᠦᠷᠲᠡᠭᠡᠨ ᠤᠷᠤᠭᠰᠢᠯᠠᠨ | ᠳᠠᠪᠰᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ᠂ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ︽ᠵᠢᠷᠭᠤᠭ᠎ᠠ ᠶᠢ | ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ ᠶᠢᠨ ᠡᠷᠭᠢᠯᠲᠡ ᠵᠣᠬᠢᠰᠲᠠᠶ ᠬᠡᠪᠴᠢᠶᠡᠨ ᠳᠤ | ᠪᠠᠶᠢᠬᠤ ᠶᠢ ᠪᠠᠲᠤᠯᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠤᠯ ᠵᠢᠱᠢᠭᠰᠡᠨ ᠬᠠᠷᠠᠯᠲᠠ ᠪᠣᠯ᠄ ᠣᠷᠤᠨ ᠨᠣᠲᠤᠭ ᠤᠨ | ᠦᠢᠯᠡᠳᠪᠦᠷᠢᠯᠠᠯ ᠤᠨ ᠶᠡᠷᠦᠩᠬᠡᠶ ᠥᠷᠲᠡᠭ ᠢ 4.5 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 7 % ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠤᠯᠠᠭᠤᠯᠬᠤ | ᠶᠡᠷᠦᠩᠬᠡᠶ ᠦᠷᠲᠡᠭ ᠢ 4 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠪᠠᠭᠤᠯᠭᠠᠭᠰᠠᠨ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠪᠠ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ | ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠣᠨ | ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠢᠮᠠᠭᠲᠠ ︽ᠤᠯᠤᠰ ᠤᠨ ᠶᠡᠭᠡ ᠶᠠᠪᠣᠳᠠᠯ︾ ᠪᠣᠯᠭᠠᠵᠤ᠂ ᠡᠬᠡ | ᠤᠯᠤᠰ ᠤᠨ ᠤᠮᠠᠷᠠᠲᠤ ᠣᠷᠣᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ | ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠠᠳᠠᠨ᠎ᠠ ᠠᠴᠠ ᠬᠠᠯᠳᠠᠪᠣᠷᠢᠯᠠᠨ ᠣᠷᠣᠵᠣ | ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠬᠦᠰᠬᠦ ᠶᠢ ᠰᠡᠷᠭᠡᠶᠢᠯᠡᠬᠦ︾ ᠬᠥᠪᠴᠢ ᠶᠢ ᠴᠠᠭ ᠢᠮᠠᠭᠲᠠ | ᠴᠢᠩᠭᠠᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠪᠣᠭᠤᠮᠲᠠ ᠪᠠᠷ ᠬᠠᠯᠳᠠᠪᠣᠷᠢᠯᠠᠨ ᠣᠷᠣᠵᠣ ᠢᠷᠡᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ︽ | ᠬᠥᠮᠦᠨ᠂ ᠲᠡᠷᠭᠡ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ︽ᠬᠤᠶᠠᠷ | ᠪᠣᠭᠤᠮᠲᠠ᠂ 14 ᠴᠢᠭ︾ ᠢ ᠳᠣᠪᠤᠶᠢᠯᠭᠠᠨ᠂ ︽ᠬᠦᠷᠢᠶᠡᠯᠡᠬᠦ᠂ ᠬᠠᠮᠢᠶᠠᠷᠬᠤ᠂ ᠬᠡᠮᠵᠢᠬᠦ᠂ ᠠᠷᠢᠭᠤᠳᠬᠠᠬᠤ᠂ | ᠪᠣᠯᠪᠠᠰᠤᠷᠠᠭᠤᠯᠬᠤ᠂ ᠦᠬᠡᠷᠡᠴᠢᠯᠡᠬᠦ︾ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ᠳᠥᠷᠪᠡᠨ | ᠲᠠᠯ᠎ᠠ ᠶᠢᠨ ᠬᠠᠷᠢᠭᠤᠴᠠᠯᠭ᠎ᠠ︾ ᠶᠢ ᠪᠠᠲᠤᠳᠬᠠᠨ᠂ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠵᠠᠰᠠᠮᠠᠯ ᠵᠠᠮ᠂ ᠲᠡᠮᠦᠷ ᠵᠠᠮ ᠤᠨ ᠪᠣᠭᠤᠮᠲᠠ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠰᠠᠬᠢᠨ᠎ᠠ᠃ ᠵᠢᠯᠣᠭᠤᠳᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠵᠦ᠂ ᠲᠤᠰᠬᠠᠶ ᠠᠩᠭᠢ ᠶᠢ ᠣᠷᠣᠭᠤᠯᠣᠨ | ᠰᠠᠭᠤᠷᠢᠰᠢᠭᠤᠯᠵᠣ᠂ ᠪᠢᠳᠡᠭᠦᠮᠵᠢᠯᠡᠨ ᠠᠵᠢᠯᠯᠠᠬᠤ ᠠᠯᠬᠤᠮ ᠳᠠᠷᠠᠭᠠᠯᠠᠯ ᠢ ᠨᠠᠷᠢᠯᠢᠬᠵᠢᠭᠤᠯᠵᠤ᠂ ᠭᠤᠤᠯᠳᠠᠯᠭ᠎ᠠ ᠲᠠᠢ | ᠣᠷᠣᠨ ᠪᠠᠶᠢᠷᠢ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠰᠡᠷᠭᠡᠶᠢᠯᠡᠨ ᠰᠠᠬᠢᠵᠤ᠂ | ᠬᠠᠮᠢᠶᠠᠷᠤᠯᠲᠠ ᠠᠴᠠ ᠰᠠᠯᠣᠩᠬᠢᠷᠠᠬᠤ ᠪᠠ ᠣᠷᠬᠢᠭᠳᠠᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ ︽ᠬᠤᠶᠠᠷ ᠴᠢᠭ | ᠨᠢᠭᠡ ᠱᠤᠭᠤᠮ︾ ᠤᠨ ᠪᠢᠳᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠬᠦᠷᠢᠶᠡᠯᠡᠨ ᠪᠢᠲᠡᠭᠦᠮᠵᠢᠯᠡᠬᠦ᠂ | ᠬᠢᠨᠠᠨ ᠡᠵᠡᠮᠳᠡᠬᠦ ᠪᠠ ᠮᠡᠳᠡᠷᠡᠮᠵᠢ ᠶᠢᠨ ᠳᠣᠬᠢᠶ᠎ᠠ ᠪᠠᠷ ᠲᠦᠭᠰᠢᠭᠦᠷᠢ ᠮᠡᠳᠡᠭᠦᠯᠬᠦ ᠵᠡᠷᠭᠡ ᠪᠣᠳᠠᠰ ᠤᠨ ᠰᠡᠷᠭᠡᠶᠢᠯᠡᠯᠳᠡ ᠪᠠ | ᠮᠡᠷᠭᠡᠵᠢᠯ ᠤᠨ ᠰᠡᠷᠭᠡᠶᠢᠯᠡᠯᠲᠡ ᠶᠢᠨ ᠳᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠣ᠂ | ᠪᠥᠭᠡᠮ ᠬᠦᠴᠢᠯ ᠤᠨ ᠪᠠᠶᠢᠴᠠᠭᠠᠯᠳᠠ ᠬᠢᠬᠦ᠂ ᠠᠷᠢᠭᠤᠳᠬᠠᠯ ᠬᠢᠬᠦ ᠠᠵᠢᠯ ᠢ ᠴᠢᠩᠭᠠᠳᠬᠠᠨ᠎ᠠ᠃ ᠪᠣᠭᠤᠮᠲᠠ ᠶᠢᠨ | ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠲᠣᠭᠲᠠᠴᠠ ᠶᠢ | ᠪᠦᠷᠢᠨᠰᠢᠬᠦᠯᠵᠦ᠂ ᠬᠦᠷᠢᠶ᠎ᠡ ᠬᠡᠪᠴᠢᠶ᠎ᠡ ᠶᠢ ᠨᠢ ᠡᠵᠡᠮᠳᠡᠵᠦ ᠪᠣᠯᠬᠤ᠂ ᠬᠥᠮᠦᠨ ᠢ ᠨᠢ ᠡᠵᠡᠮᠳᠡᠵᠦ ᠪᠣᠯᠬᠤ᠂ | ᠲᠦᠭᠰᠢᠭᠦᠷᠢ ᠶᠢ ᠨᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠬᠠᠯᠳᠠᠪᠣᠷᠢᠯᠠᠨ | ᠣᠷᠣᠵᠣ ᠢᠷᠡᠬᠦ᠂ ᠭᠠᠳᠠᠭᠰᠢ ᠳᠠᠷᠬᠠᠬᠤ ᠶᠢ ᠪᠦᠲᠦᠮᠵᠢᠲᠡᠶ ᠰᠡᠷᠭᠡᠶᠢᠯᠡᠨ᠎ᠡ᠃ ᠪᠣᠭᠤᠮᠲᠠ ᠶᠢᠨ ᠲᠦᠭᠰᠢᠭᠦᠷᠢ ᠶᠢ | ᠰᠤᠳᠤᠯᠤᠨ ᠮᠠᠭᠠᠳᠯᠠᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭ᠎ᠠ ᠪᠦᠲᠦᠭᠡᠭᠳᠡᠭᠦᠨ ᠢ ᠪᠦᠯᠦᠭ ᠬᠤᠪᠢᠶᠠᠨ ᠲᠦᠷᠦᠯ ᠠᠩᠬᠢᠯᠠᠵᠦ᠂ ᠪᠣᠭᠤᠮᠳᠠ | ᠨᠡᠪᠳᠡᠷᠡᠯᠳᠡ ᠶᠢ ᠡᠮᠬᠢ ᠵᠢᠷᠤᠮ ᠲᠠᠢ ᠪᠠᠷ ᠰᠡᠷᠭᠦᠭᠡᠵᠣ᠂ ᠢᠯᠠᠩᠭᠤᠶ᠎ᠠ ᠤᠯᠤᠰ ᠤᠨ ᠠᠮᠤᠷ ᠲᠦᠪᠰᠢᠨ ᠳᠤ | ᠬᠤᠯᠪᠣᠭᠳᠠᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠡᠬᠢ ᠪᠠᠶᠠᠯᠢᠭ ᠤᠨ ᠪᠣᠭᠤᠮᠲᠠ ᠨᠡᠪᠳᠡᠷᠡᠯᠳᠡ ᠶᠢᠨ | ᠬᠡᠷᠡᠭᠴᠡᠭᠡ ᠶᠢ ᠪᠠᠳᠣᠯᠠᠨ᠎ᠠ᠃ ᠳᠣᠲᠣᠭᠠᠳᠤ ᠳᠤ ᠪᠠᠨ ᠳᠠᠬᠢᠨ ᠡᠬᠦᠰᠬᠦ ᠶᠢ ᠰᠡᠷᠭᠡᠶᠢᠯᠡᠬᠦ ᠠᠵᠢᠯ ᠢ ᠦᠷᠭᠦᠯᠵᠢᠯᠡᠨ | ᠰᠠᠶᠢᠲᠤᠷ ᠠᠳᠬᠤᠨ᠎ᠠ᠃ ᠬᠤᠶᠠᠷ ᠥᠷᠲᠡᠭᠡ ᠨᠢᠭᠡ ᠪᠠᠭᠤᠳᠠᠯ ︵ᠭᠠᠯᠳᠣ ᠳᠡᠷᠭᠡᠨ ᠤ ᠦᠷᠳᠡᠭᠡ᠂ ᠮᠠᠰᠢᠨ ᠳᠡᠷᠭᠡᠨ ᠤ | ᠦᠷᠳᠡᠭᠡ᠂ ᠨᠢᠰᠭᠡᠯ ᠤᠨ ᠪᠠᠭᠤᠳᠠᠯ︶᠂ ᠵᠠᠰᠠᠮᠠᠯ ᠵᠠᠮ ᠤᠨ ᠬᠤᠷᠢᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠳᠤᠮᠳᠠ ᠪᠠ ᠦᠨᠳᠣᠷ ᠳᠦᠭᠰᠢᠬᠦᠷᠢᠳᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠢ ᠮᠥᠷᠳᠡᠨ ᠵᠢᠭᠰᠠᠭᠠᠨ | ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠳᠠᠢ ᠪᠠᠷ ᠨᠠᠶᠢᠳᠠᠪᠤᠷᠢᠵᠢᠭᠤᠯᠤᠨ᠎ᠠ᠃ | ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠪᠠ ᠠᠩᠬᠠᠨ ᠤ ᠣᠨᠣᠰᠢᠯᠠᠯᠳᠠ ᠶᠢᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠲᠥᠷᠥᠯ ᠤᠨ ᠡᠮ ᠤᠨ ᠵᠦᠢᠯ︾ ᠤᠨ ᠬᠠᠮᠢᠶᠠᠷᠤᠯᠲᠠ ᠶᠢ | ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠶᠢᠨ ᠳᠣᠳᠣᠭᠠᠳᠦ ᠶᠢᠨ ᠬᠠᠯᠳᠠᠪᠣᠷᠢᠯᠠᠯ ᠢ ᠰᠡᠷᠭᠡᠶᠢᠯᠡᠨ ᠡᠵᠡᠮᠳᠡᠬᠦ ᠶᠢ | ᠴᠢᠩᠭᠠᠷᠠᠭᠤᠯᠤᠨ᠎ᠠ᠃ ᠭᠠᠳᠠᠭᠠᠳᠤ ᠠᠴᠠ ᠣᠷᠣᠭᠤᠯᠣᠭᠰᠠᠨ ᠬᠦᠷᠦᠬᠡᠬᠦᠷᠳᠦ᠂ ᠬᠦᠷᠦᠬᠡᠬᠦᠷᠳᠦ ᠪᠤᠰᠤ ᠢᠳᠡᠭᠡᠨ ᠪᠠ | ᠰᠢᠤᠳᠠᠨ ᠬᠦᠷᠭᠡᠯᠳᠠ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ | ᠭᠠᠳᠠᠭᠠᠳᠤ ᠠᠴᠠ ᠣᠷᠣᠭᠤᠯᠬᠤ ᠬᠦᠷᠦᠬᠡᠬᠦᠷᠳᠦ ᠢᠳᠡᠭᠡᠨ ᠢ ᠲᠥᠪᠯᠡᠷᠡᠭᠦᠯᠦᠨ ᠬᠢᠨᠠᠨ ᠬᠠᠮᠢᠶᠠᠷᠬᠤ ᠬᠥᠮᠥᠷᠭᠡ ᠶᠢ | ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠤᠲᠠ ᠶᠢᠨ ᠡᠮᠨᠡᠯᠭᠡ ᠶᠢᠨ | ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠂ ᠪᠣᠭᠤᠮᠲᠠ ᠶᠢᠨ ᠪᠡᠯᠡᠳᠬᠡᠯ ᠡᠮᠨᠡᠯᠭᠡ ᠶᠢᠨ ᠬᠤᠷᠢᠶ᠎ᠠ ᠶᠢ ᠢᠳᠡᠪᠬᠢᠳᠠᠢ ᠪᠠᠷ ᠭᠤᠶᠣᠴᠢᠯᠠᠨ ᠪᠦᠳᠦᠬᠡᠨ | ᠪᠠᠶᠢᠭᠤᠯᠣᠨ᠎ᠠ᠃ ᠳᠠᠷᠢᠯᠭ᠎ᠠ ᠳᠠᠷᠢᠬᠤ ᠵᠣᠬᠢᠰᠳᠠᠢ ᠪᠦᠬᠦᠨ ᠳᠤ ᠳᠠᠷᠢᠯᠭ᠎ᠠ ᠳᠠᠷᠢᠵᠦ᠂ ᠳᠠᠷᠦᠢ ᠳᠦᠷᠭᠡᠨ ᠳᠠᠷᠢᠯᠭ᠎ᠠ | ᠳᠠᠷᠢᠬᠤ ᠶᠢ ᠪᠠᠷᠢᠮᠳᠠᠯᠠᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ ᠪᠥᠭᠡᠳ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ︵ᠬᠤᠶᠠᠷ︶ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠭᠠᠳᠠᠭᠰᠢ ᠨᠡᠭᠡᠭᠡᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠦᠷᠭᠡᠳᠬᠡᠨ᠎ᠡ | ᠭᠠᠳᠠᠭᠰᠢ ᠨᠡᠭᠡᠭᠡᠯᠲᠡ ᠶᠢᠨ ᠳᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠤᠮᠠᠷᠠᠰᠢ ᠨᠡᠭᠡᠭᠡᠯᠲᠡ ᠬᠢᠬᠦ | ᠠᠴᠢᠶᠠᠯᠠᠪᠤᠷᠢ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠨ᠂ ᠤᠯᠤᠰ ᠤᠨ ᠭᠤᠤᠯᠳᠠᠯᠭ᠎ᠠ ᠲᠠᠢ ᠬᠦᠭᠵᠢᠭᠦᠯᠦᠯᠲᠡ | ᠨᠡᠭᠡᠭᠡᠯᠲᠠ ᠶᠢᠨ ᠲᠤᠷᠰᠢᠯᠲᠠ ᠶᠢᠨ ᠲᠣᠭᠤᠷᠢᠭ ᠢ ᠲᠦᠷᠭᠡᠳᠬᠡᠨ ᠪᠠᠶᠢᠭᠤᠯᠬᠤ ᠪᠠᠷ ᠬᠦᠲᠦᠯᠦᠮᠵᠢ ᠪᠣᠯᠭᠠᠵᠤ᠂ | ᠲᠤᠷᠰᠢᠯᠲᠠ ᠶᠢᠨ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ | ᠂ ︽ᠭᠤᠷᠪᠠᠨ ᠲᠤᠭᠤᠷᠢᠭ︾ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ᠎ᠡ᠃ | ᠮᠣᠩᠭᠤᠯ ᠤᠯᠤᠰ ᠤᠨ ᠣᠯᠣᠰ ᠤᠨ ᠶᠡᠭᠡ ᠬᠤᠷᠠᠯ ᠠᠴᠠ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠭᠤᠷᠢᠭ ᠤᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠢ | ᠵᠦᠪᠰᠢᠶᠡᠷᠡᠭᠰᠡᠨ ᠲᠣᠬᠢᠶᠠᠯ ᠢ ᠠᠰᠢᠭᠯᠠᠨ᠂ ᠬᠤᠶᠠᠷ ᠤᠯᠤᠰ ᠤᠨ ᠬᠤᠭᠤᠷᠣᠨᠳᠣᠬᠢ ᠬᠡᠯᠡᠯᠴᠡᠭᠡᠷ ᠤᠨ ᠵᠢᠩᠬᠢᠨᠢ ᠪᠠᠷ | ᠴᠣᠬᠤᠯᠠᠪᠤᠷᠢᠯᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠶᠢᠨ ᠣᠨᠴᠠᠭᠠᠶ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠪᠣᠳᠠᠳᠠᠶᠢᠵᠢᠭᠤᠯᠬᠤ ᠶᠢ ᠪᠥᠬᠦ ᠬᠦᠴᠦᠨ ᠢᠶᠠᠷ ᠠᠭᠢᠭᠤᠯᠤᠨ᠎ᠠ᠂ ᠶᠡᠷᠦᠩᠬᠡᠶᠢᠯᠡᠭᠰᠡᠨ | ᠪᠠᠶᠢᠴᠠᠭᠠᠨ ᠰᠢᠯᠭᠠᠬᠤ ᠠᠰᠠᠷ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠪᠢᠲᠡᠭᠦᠮᠵᠢᠯᠡᠭᠦᠯᠦᠨ ᠠᠵᠢᠭᠯᠠᠭᠤᠯᠬᠤ ᠳᠤ | ᠨᠥᠬᠦᠴᠡᠯ ᠪᠦᠷᠢᠯᠳᠦᠭᠦᠯᠵᠦ ᠥᠭᠭᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ | ᠭᠠᠳᠠᠭᠠᠳᠤ ᠠᠴᠠ ᠣᠷᠣᠭᠤᠯᠬᠤ ᠲᠠᠸᠠᠷ ᠢ ᠰᠠᠭᠤᠷᠢᠰᠢᠭᠤᠯᠤᠨ ᠡᠳ᠋ᠰᠢᠭᠦᠯᠬᠦ ᠲᠤᠷᠰᠢᠯᠲᠠ ᠶᠢᠨ ᠴᠢᠭ ᠢ ᠡᠬᠢᠯᠡᠭᠦᠯᠵᠦ᠂ | ᠲᠡᠮᠦᠷ ᠵᠠᠮ ᠤᠨ ᠪᠣᠭᠤᠮᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠴᠢᠭ ᠢ ᠭᠤᠶᠤᠴᠢᠯᠠᠨ ᠮᠡᠳᠡᠭᠦᠯᠵᠤ᠂ | ᠬᠢᠯᠢ ᠶᠢᠨ ᠢᠷᠭᠡᠳ ᠤᠨ ᠬᠤᠳᠠᠯᠳᠣᠭᠠᠨ ᠤ ᠲᠠᠸᠠᠷ ᠢ ᠰᠠᠭᠤᠷᠢᠰᠢᠭᠤᠯᠤᠨ ᠡᠳ᠋ᠰᠢᠭᠦᠯᠬᠦ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠮᠣᠩᠭᠤᠯ ᠣᠷᠣᠰ ᠤᠨ ᠶᠠᠮᠠ ᠶᠢᠨ | ᠦᠷ᠎ᠡ᠂ ᠰᠢᠯᠢᠮᠳᠡᠭ ᠤᠨ ᠦᠷ᠎ᠡ᠂ ᠨᠤᠤᠰᠤ ᠨᠣᠣᠯᠤᠭᠤᠷ᠂ ᠬᠠᠲᠠᠭᠤ ᠵᠢᠮᠢᠰ᠂ ᠮᠢᠬᠠᠨ ᠤ ᠲᠥᠷᠥᠯ ᠢ | ᠰᠠᠭᠤᠷᠢᠰᠢᠭᠤᠯᠤᠨ ᠡᠳ᠋ᠰᠢᠭᠦᠯᠬᠦ ᠰᠢᠨ᠎ᠡ ᠰᠢᠪᠲᠣᠯᠣᠯᠲᠠ ᠶᠢ ᠪᠡᠶᠡᠯᠡᠭᠦᠯᠦᠨ᠎ᠡ᠃ ᠬᠢᠯᠢ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ | ᠂ ᠭᠠᠶᠢᠯᠢ ᠶᠢᠨ ᠪᠠᠲᠤᠯᠠᠭᠠᠲᠤ ᠬᠥᠮᠥᠷᠭᠡ ᠶᠢ ᠰᠢᠯᠭᠠᠨ ᠠᠪᠬᠤ᠂ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | ᠴᠠᠭᠠᠰᠤᠨ ᠡᠭᠡᠳᠡᠩ ᠰᠢᠯᠵᠢᠭᠦᠯᠦᠨ ᠲᠣᠰᠢᠶᠡᠬᠤ ᠬᠥᠮᠥᠷᠭᠡ᠂ ︽ᠣᠶᠣᠨᠴᠢ ᠬᠦᠷᠢᠶᠡᠯᠡᠩ︾ ᠤᠨ ᠲᠥᠷᠥᠯ ᠵᠦᠢᠯ ᠢ | ᠬᠡᠷᠡᠭᠵᠢᠭᠦᠯᠬᠦ ᠪᠠᠷ ᠴᠢᠷᠮᠠᠶᠢᠨ᠎ᠠ᠃ | ᠳᠣᠲᠣᠭᠠᠳᠤ ᠭᠠᠳᠠᠭᠠᠳᠤ ᠨᠡᠭᠡᠭᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠎ᠡ᠃ | ᠳᠣᠲᠤᠭᠠᠳᠤ ᠳᠤ ᠬᠤᠯᠪᠤᠭᠠᠯᠠᠨ ᠭᠠᠳᠠᠭᠠᠳᠤ ᠳᠤ ᠨᠡᠭᠡᠭᠡᠯᠲᠡ ᠬᠢᠬᠦ ᠪᠠᠷ ᠦᠨᠳᠦᠰᠦ ᠪᠣᠯᠭᠠᠵᠤ᠂ ᠳᠣᠲᠣᠭᠠᠳᠤ ᠳᠠᠭᠠᠨ | ᠬᠠᠮᠲᠣᠷᠠᠯᠴᠠᠵᠤ ᠭᠠᠳᠠᠭᠠᠳᠤ ᠳᠤ ᠬᠠᠮᠲᠤ ᠶᠢᠨ ᠠᠵᠢᠯᠯᠠᠭ᠎ᠠ ᠪᠠᠨ ᠡᠷᠴᠢᠮᠵᠢᠭᠦᠯᠬᠦ ᠶᠢ ᠪᠠᠷᠢᠮᠲᠠᠯᠠᠵᠤ᠂ ︽ᠬᠤᠶᠠᠷ ᠡᠬᠢ | ᠪᠠᠶᠠᠯᠢᠭ᠂ ᠬᠤᠶᠠᠷ ᠵᠠᠬ᠎ᠠ ᠳᠡᠯᠭᠡᠭᠦᠷ︾ ᠤᠨ ᠳᠠᠪᠠᠭᠤᠯᠢᠭ ᠢ ᠦᠨᠡᠨ ᠪᠣᠳᠠᠲᠠᠶ ᠲᠥᠷᠥᠯ ᠵᠦᠢᠯ ᠪᠠ ᠪᠣᠭᠤᠮᠲᠠ ᠶᠢᠨ | ᠬᠥᠭᠵᠢᠯᠲᠡ ᠳᠤ ᠬᠦᠴᠦᠨ ᠨᠡᠮᠡᠷᠢᠯᠡᠬᠦ ᠠᠵᠤ ᠦᠢᠯᠡᠰ ᠪᠣᠯᠭᠠᠨ ᠬᠤᠪᠢᠷᠠᠭᠤᠯᠤᠨ᠎ᠠ᠃ ᠡᠬᠡ ᠬᠠᠭᠤᠷᠠᠶ ᠶᠢᠨ ᠭᠠᠷᠠᠮ ᠤᠨ | ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠭᠢᠭᠤᠯᠵᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠮᠲᠤᠷᠠᠯᠴᠠᠭᠠᠨ ᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ | ᠴᠢᠬᠤᠯᠠ ᠡᠯᠧᠮᠧᠨ᠋ᠲ ᠢ ᠲᠥᠪᠯᠡᠷᠡᠭᠦᠯᠬᠦ ᠂ ᠲᠣᠬᠠᠢ ᠶᠢᠨ ᠭᠠᠵᠠᠷ ᠲᠤ ᠪᠠᠨ ᠪᠣᠯᠪᠠᠰᠤᠷᠠᠭᠤᠯᠬᠤ᠂ ᠨᠥᠯᠥᠭᠡᠯᠡᠨ | ᠬᠤᠯᠪᠣᠭᠠᠯᠠᠬᠤ ᠬᠠᠮᠲᠤᠷᠠᠯᠴᠠᠭᠠᠨ ᠤ ᠰᠠᠭᠤᠷᠢ ᠶᠢ ᠪᠣᠳᠠᠲᠠᠶᠢᠵᠢᠭᠤᠯᠵᠤ᠂ ᠠᠷᠠᠯᠵᠢᠶ᠎ᠠ ᠪᠠᠷᠠᠭᠠᠨ ᠤ ᠭᠦᠢᠯᠭᠡᠭᠡ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠣᠷᠠᠭᠤᠯᠬᠤ ᠦᠢᠯᠡᠰ᠂ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠬᠦᠷᠢᠶᠡᠨ ᠳᠤ ᠪᠣᠳᠠᠲᠤ | ᠴᠢᠨᠠᠷᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ︽ᠡᠭᠦᠯᠡᠨ ᠭᠠᠳᠠᠭᠠᠳᠤ ᠶᠠᠪᠤᠳᠠᠯ︾᠂ ︽ | ᠡᠭᠦᠯᠡᠨ ᠶᠠᠷᠢᠯᠴᠠᠭ᠎ᠠ︾᠂ ︽ᠰᠦᠯᠵᠢᠶᠡᠨ ᠳᠡᠭᠡᠷᠡᠬᠢ ᠨᠥᠬᠦᠷᠰᠡᠭ ᠬᠤᠲᠠ ᠶᠢᠨ ᠬᠠᠷᠢᠯᠴᠠᠭ᠎ᠠ︾ ᠶᠢᠨ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠵᠠᠰᠠᠭ ᠤᠨ ᠣᠷᠳᠣᠨ ᠤ ᠬᠤᠭᠤᠷᠣᠨᠳᠣᠬᠢ ᠶᠠᠷᠢᠯᠴᠠᠭ᠎ᠠ ᠵᠦᠪᠳᠡᠯᠴᠡᠭᠡ ᠶᠢᠨ ᠵᠠᠮ ᠰᠣᠪᠠᠭ | ᠤᠨ ᠰᠠᠭᠠᠳ ᠥᠬᠡᠶ ᠨᠡᠪᠲᠡᠷᠡᠬᠦ ᠶᠢ ᠠᠬᠢᠭᠤᠯᠦᠨ᠎ᠡ᠃ | ᠬᠠᠷᠢᠯᠴᠠᠨ ᠬᠤᠯᠪᠤᠯᠳᠤᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠯᠪᠣᠯᠳᠤᠨ ᠨᠡᠪᠲᠡᠷᠡᠯᠴᠡᠬᠦ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠭᠤᠮᠲᠠ ᠶᠢᠨ ︽ᠪᠣᠭᠤᠮᠢ︾ ᠬᠢᠵᠠᠭᠠᠷᠯᠠᠯ ᠢ ᠲᠦᠷᠭᠡᠨ | ᠰᠢᠢᠳᠪᠦᠷᠢᠯᠡᠵᠦ᠂ ᠲᠡᠮᠦᠷ ᠵᠠᠮ᠂ ᠵᠠᠰᠠᠮᠠᠯ ᠵᠠᠮ ᠤᠨ ᠪᠣᠭᠤᠮᠲᠠ ᠶᠢᠨ ᠲᠡᠭᠡᠭᠡᠪᠦᠷᠢ ᠶᠢᠨ ᠴᠢᠳᠠᠪᠬᠢ ᠶᠢ ᠬᠦᠴᠦ ᠲᠠᠯᠪᠢᠨ | ᠥᠷᠭᠡᠳᠬᠡᠨ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠪᠣᠭᠤᠮᠳᠠ ᠶᠢᠨ ᠥᠷᠲᠡᠭᠡ ᠲᠠᠯᠠᠪᠠᠢ ᠶᠢᠨ ᠴᠢᠳᠠᠮᠵᠢ ᠶᠢ | ᠥᠷᠭᠡᠳᠬᠡᠨ ᠰᠢᠨᠡᠴᠢᠯᠡᠬᠦ ᠪᠠ ᠵᠠᠰᠠᠮᠠᠯ ᠵᠠᠮ ᠤᠨ ᠪᠣᠭᠤᠮᠳᠠ ᠶᠢᠨ ᠴᠢᠩᠭᠡᠯᠢᠭ ᠤᠨ ᠳᠡᠭᠦᠵᠢᠯᠡᠨ ᠲᠡᠭᠡᠪᠦᠷᠢᠯᠡᠬᠦ | ᠲᠠᠯᠠᠪᠠᠢ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠪᠦᠬᠦ | ᠬᠦᠴᠦᠨ ᠢᠶᠠᠷ ᠢᠶᠠᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠵᠢᠨᠢᠩ—ᠡᠷᠢᠶᠡᠨ ᠱᠤᠭᠤᠮ ᠤᠨ ᠴᠢᠳᠠᠮᠵᠢ ᠶᠢ | ᠥᠷᠭᠡᠳᠬᠡᠨ ᠰᠢᠨᠡᠳᠬᠡᠬᠦ᠂ ᠳᠤᠮᠳᠠᠳᠤ ᠧᠦ᠋ᠷᠣᠫᠠ ᠶᠢᠨ ᠵᠢᠱᠢᠶᠡᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ ᠤᠨ | ᠲᠥᠷᠥᠯ ᠵᠦᠢᠯ ᠢ ᠪᠦᠬᠦ ᠬᠦᠴᠦᠨ ᠢᠶᠠᠷ ᠵᠣᠬᠢᠴᠠᠭᠤᠯᠵᠤ᠂ ᠵᠠᠰᠠᠮᠠᠯ ᠵᠠᠮ ᠤᠨ ᠪᠣᠭᠤᠮᠲᠠ ᠶᠢᠨ ᠵᠢᠯᠣᠭᠤᠴᠢ ᠦᠭᠡᠢ ᠪᠠᠷ | ᠪᠠᠷᠠᠭ᠎ᠠ ᠲᠡᠭᠡᠭᠡᠪᠦᠷᠢᠯᠡᠵᠤ ᠪᠣᠭᠤᠮᠲᠠ ᠥᠩᠭᠡᠷᠡᠬᠦ ᠲᠥᠷᠥᠯ ᠵᠦᠢᠯ ᠤᠨ ᠠᠵᠢᠯ ᠢ ᠡᠬᠢᠯᠡᠨ ᠪᠠᠶᠢᠭᠤᠯᠬᠤ ᠪᠠᠷ ᠴᠢᠷᠮᠠᠶᠢᠨ᠂ | ᠠᠭᠤᠷᠬᠠᠢ ᠶᠢᠨ ᠪᠦᠲᠦᠭᠡᠭᠳᠡᠭᠦᠨ ᠲᠡᠭᠡᠭᠡᠪᠦᠷᠢᠯᠡᠬᠦ ᠲᠤᠰᠬᠠᠢ ᠭᠠᠷᠴᠠ ᠶᠢᠨ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠣᠷᠣᠭᠤᠯᠣᠨ᠎ᠠ᠃ ᠡᠷᠢᠶᠡᠨ— ᠭᠤᠸᠠᠩᠵᠧᠦ ᠴᠢᠭᠯᠡᠯ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ | ᠡᠷᠢᠶᠡᠨ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠳᠠᠪᠬᠤᠷ ᠱᠤᠭᠤᠮ ᠲᠡᠷᠭᠡ ᠨᠡᠪᠲᠡᠷᠡᠬᠦ ᠶᠢ ᠢᠳᠡᠪᠬᠢᠲᠡᠢ ᠠᠬᠢᠭᠤᠯᠵᠦ | ᠂ ᠵᠢᠯ ᠤᠨ ᠳᠣᠲᠣᠷ᠎ᠠ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠰᠢᠯᠭᠠᠨ ᠪᠠᠶᠢᠴᠠᠭᠠᠯᠲᠠ ᠶᠢ | ᠥᠩᠭᠡᠷᠡᠭᠡᠵᠦ᠂ ᠵᠢᠩᠬᠢᠨᠢ ᠪᠠᠷ ᠭᠠᠳᠠᠭᠰᠢ ᠨᠡᠭᠡᠭᠡᠬᠦ ᠪᠠᠷ ᠬᠦᠭᠡᠭᠡᠴᠡᠯᠳᠦᠨ᠎ᠡ᠃ ︽ᠳᠤᠮᠳᠠᠳᠤ ᠮᠣᠩᠭᠤᠯ ᠣᠷᠣᠰ ᠤᠨ 365网络科技_bat365在线登录_注册送365元可提款 | ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ︾ ᠳᠤ | ᠵᠢᠭᠰᠠᠭᠠᠭᠳᠠᠭᠰᠠᠨ ᠡᠷᠢᠶᠡᠨ ᠬᠤᠲᠠ —ᠤᠯᠠᠭᠠᠨᠪᠠᠭᠠᠲᠤᠷ — ᠤᠯᠠᠭᠠᠠᠦ᠋ᠳᠡ ᠲᠡᠮᠦᠷ ᠵᠠᠮ ᠤᠨ ᠬᠤᠣᠰ | ᠴᠠᠬᠢᠯᠭᠠᠨᠵᠢᠭᠤᠯᠬᠤ ᠥᠭᠡᠷᠡᠴᠢᠯᠡᠯᠲᠡ᠂ ᠳᠤᠮᠳᠠᠳᠤ ᠮᠣᠩᠭᠤᠯ ᠣᠷᠣᠰ ᠤᠨ ᠬᠢᠯᠢ ᠠᠯᠤᠰᠯᠠᠭᠰᠠᠨ ᠦᠨᠳᠦᠷ | ᠬᠤᠷᠳᠤᠴᠠᠲᠤ ᠵᠠᠰᠠᠮᠠᠯ ᠵᠠᠮ᠂ ᠲᠣᠰᠤ ᠪᠠ ᠬᠡᠢ ᠶᠢᠨ ᠬᠤᠭᠤᠯᠠᠢ ᠵᠡᠷᠭᠡ ᠳᠣᠮᠣ ᠴᠢᠬᠤᠯᠠ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠬᠦ ᠶᠢᠨ ᠬᠠᠮᠲᠤ ᠤᠷᠢᠳᠴᠢᠯᠠᠨ ᠬᠡᠷᠡᠭᠵᠢᠭᠦᠯᠬᠦ ᠶᠢ ᠢᠳᠡᠪᠬᠢᠲᠡᠢ | ᠠᠬᠢᠭᠤᠯᠣᠨ᠎ᠠ᠃ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠯᠲᠡ ᠶᠢᠨ | ᠣᠷᠴᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠬᠦ | ᠲᠠᠯ᠎ᠠ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ | ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ | ᠨᠠᠶᠢᠳᠠᠪᠣᠷᠢᠵᠢᠭᠤᠯᠣᠭᠳᠠᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠣᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠢᠨᠠᠨ ᠵᠥᠪᠰᠢᠶᠡᠷᠡᠬᠦ ᠭᠤᠭᠴᠤᠭ᠎ᠠ | ᠶᠠᠪᠣᠴᠠ ᠶᠢ ᠳᠠᠬᠢᠨ ᠰᠢᠯᠢᠳᠡᠭᠵᠢᠭᠦᠯᠬᠦ᠂ ᠳᠠᠬᠢᠨ ᠴᠣᠮᠬᠠᠳᠬᠠᠬᠤ᠂ ᠳᠠᠬᠢᠨ ᠪᠠᠭᠠᠰᠬᠠᠬᠤ ᠶᠢ ᠠᠬᠢᠭᠤᠯᠤᠨ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠤᠶᠤᠨᠴᠢᠯᠠᠬᠤ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠦᠢᠯᠡᠴᠢᠯᠡᠭᠡᠨ ᠤ ᠵᠦᠢᠯᠡᠰ ᠢ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ | ᠶᠢ ᠪᠡᠶᠡᠯᠡᠭᠦᠯᠵᠤ᠂ ︽ ᠭᠠᠷ ᠤᠲᠠᠰᠤᠨ ᠳᠠᠭᠡᠷ᠎ᠡ︾ ᠭᠦᠢᠴᠡᠳᠭᠡᠨ ᠨᠠᠩ ᠲᠥᠬᠦᠮ ᠲᠦᠲᠡ ᠪᠣᠯᠭᠠᠪᠠ᠃ ᠣᠯᠠᠨ | ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠯᠧᠺᠲᠷᠣᠨ ᠪᠠᠲᠤᠯᠠᠭ᠎ᠠ ᠶᠢᠨ ᠪᠢᠴᠢᠭ ᠢᠶᠠᠷ ᠪᠠᠲᠤᠯᠠᠭ᠎ᠠ ᠶᠢᠨ ᠮᠥᠩᠭᠦ ᠶᠢ ᠣᠷᠣᠯᠠᠭᠤᠯᠬᠤ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠯᠤᠰ ᠠᠴᠠ ᠤᠨᠳᠤᠤ ᠭᠠᠵᠠᠷ ᠲᠤ ᠳᠠᠭᠠᠭᠠᠴᠢᠯᠠᠯᠲᠠ ᠦᠨᠡᠯᠡᠬᠦ | ᠪᠠ ᠨᠢᠭᠤᠷ ᠵᠣᠯᠭᠠᠬᠤ ᠥᠬᠡᠶ ᠪᠠᠷ ᠳᠠᠭᠠᠭᠠᠴᠢᠯᠠᠯᠲᠠ ᠡᠬᠢᠯᠡᠭᠦᠯᠬᠦ ᠶᠢ ᠪᠡᠶᠡᠯᠡᠭᠦᠯᠦᠨ᠎ᠡ᠃ 24 ᠴᠠᠭ ᠤᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠴᠠᠭᠳᠠᠭᠠᠨ ᠤ ᠲᠣᠪᠴᠢᠶ᠎ᠠ ᠶᠢ ᠪᠠᠶᠢᠭᠤᠯᠵᠤ᠂ ᠡᠷᠦᠬᠡ ᠠᠮᠠ ᠶᠢᠨ ᠶᠠᠪᠤᠳᠠᠯ᠂ | ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠵᠡᠷᠭᠡ 30 ᠭᠠᠷᠤᠶ ᠵᠦᠢᠯ ᠤᠨ ᠲᠤᠬᠠᠶᠢᠯᠠᠭᠰᠠᠨ | ᠠᠵᠢᠯ ᠢ ︽ᠨᠢᠭᠡ ᠦᠪᠡᠰᠦᠪᠡᠨ ᠦᠢᠯᠡᠴᠢᠯᠡᠬᠦ ᠴᠢᠭ︾ ᠲᠤ ᠭᠦᠢᠴᠡᠳᠭᠡᠬᠦ ᠶᠢ ᠪᠡᠶᠡᠯᠡᠭᠦᠯᠦᠨ᠎ᠡ᠃ ︽ᠬᠤᠶᠠᠷ ᠢ | ᠲᠣᠬᠢᠶᠠᠯᠳᠤᠯ ᠪᠠᠷ᠂ ᠨᠢᠭᠡ ᠶᠢ ᠢᠯᠡ ᠪᠣᠯᠭᠠᠬᠤ︾ ᠳᠦᠷᠢᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠭᠠᠶᠢᠯᠢ ᠬᠦᠩᠭᠡᠯᠡᠵᠦ ᠰᠦᠢᠳᠬᠡᠯ ᠪᠠᠭᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠱᠠᠩᠨᠠᠯ ᠨᠥᠬᠦᠪᠥᠷᠢ ᠥᠭᠬᠦ ᠵᠡᠷᠭᠡ ᠴᠡᠪᠡᠷ ᠠᠰᠢᠭ ᠢ ᠠᠵᠤ ᠦᠢᠯᠡᠰ ᠳᠤ ᠰᠢᠭᠤᠳ ᠬᠦᠷᠳᠡᠭᠡᠬᠦ ᠶᠢ ᠦᠨᠡᠨᠬᠦ | ᠪᠠᠲᠤᠯᠠᠨ᠎ᠠ᠃ ᠪᠣᠭᠤᠮᠲᠠ ᠪᠠᠷ ᠥᠩᠭᠡᠷᠡᠬᠦ ᠶᠠᠪᠣᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠶᠢᠨ ᠪᠣᠭᠤᠮᠲᠠ᠂ | ᠬᠢᠯᠢ ᠶᠢᠨ ᠪᠠᠶᠢᠴᠠᠭᠠᠬᠤ ᠥᠷᠲᠡᠭᠡ ᠶᠢᠨ ᠬᠠᠮᠲᠤᠷᠠᠨ ᠠᠵᠢᠯᠯᠠᠬᠤ᠂ ᠪᠠᠶᠢᠴᠠᠭᠠᠨ ᠰᠢᠯᠭᠠᠯᠲᠠ ᠶᠢ ᠬᠠᠮᠲᠤᠪᠡᠷ | ᠬᠤᠪᠢᠶᠠᠯᠴᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠡ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠣᠶ ᠪᠣᠯᠭᠠᠨ᠎ᠡ᠃ ᠮᠥᠩᠭᠦᠨ | ᠭᠦᠢᠯᠭᠡᠭᠡᠨ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠦᠭᠵᠢᠯᠲᠡ ᠶᠢᠨ ᠪᠣᠳᠠᠲᠤ ᠴᠣᠭᠴᠠ ᠶᠢᠨ ᠠᠵᠤ ᠠᠬᠤᠶ ᠳᠤ | ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠷᠪᠠ︶ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠬᠦᠭᠵᠢᠯᠲᠡ ᠶᠢᠨ ᠬᠦᠳᠡᠯᠭᠡᠭᠴᠢ ᠡᠨᠧᠷᠭᠢ ᠶᠢ ᠪᠦᠬᠦ ᠲᠠᠯ᠎ᠠ ᠪᠠᠷ ᠴᠢᠩᠭᠠᠳᠬᠠᠨ᠎ᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠣᠨᠣᠪᠴᠢᠲᠠᠶ ᠥᠷᠨᠢᠭᠦᠯᠦᠨ᠎ᠡ᠃ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠢ ᠭᠤᠶᠢᠪᠢᠰᠢ ᠥᠬᠡᠶ ᠪᠠᠷᠢᠮᠲᠠᠯᠠᠵᠤ᠂ ᠬᠤᠷᠸ᠎ᠠ | ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠪᠠᠯᠠ ᠮᠦᠩᠭᠦᠨ ᠤ ᠬᠠᠨᠳᠤᠰᠢ ᠶᠢ ᠣᠨᠣᠪᠴᠢᠲᠠᠶ ᠡᠵᠡᠮᠳᠡᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠯᠥᠪᠵᠢᠭᠦᠯᠭᠡ ᠲᠠᠢ ᠨᠢᠭᠲᠠ ᠣᠶᠠᠯᠳᠣᠭᠤᠯᠵᠣ᠂ | ᠪᠣᠭᠤᠮᠲᠠ ᠶᠢᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠲᠥᠷᠥᠯ | ᠵᠦᠢᠯ ᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠬᠢᠷᠢ ᠲᠦᠪᠰᠢᠨ ᠲᠠᠢ ᠪᠠᠷ ᠲᠥᠰᠦᠪᠯᠡᠨ | ᠨᠥᠭᠡᠴᠡᠯᠡᠵᠦ᠂ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠨᠥᠭᠡᠴᠢᠯᠡᠵᠤ ᠬᠦᠴᠦᠨ ᠬᠤᠷᠠᠮᠳᠠᠭᠤᠯᠤᠨᠠ᠃ | ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠢᠶᠠᠨ ᠰᠢᠨᠡᠴᠢᠯᠡᠵᠦ᠂ ᠬᠤᠳᠠᠯᠳᠤᠭᠠᠴᠢᠨ ᠤᠷᠢᠬᠤ ᠠᠵᠢᠯ ᠤᠨ ᠲᠤᠰᠬᠠᠶ | ᠠᠩᠭᠢ ᠶᠢ ᠪᠠᠶᠢᠭᠤᠯᠤᠨ᠂ ᠪᠣᠭᠤᠮᠲᠠ ᠶᠢᠨ ᠳᠠᠪᠠᠭᠤᠯᠢᠭ ᠲᠤ ᠰᠠᠭᠤᠷᠢᠯᠠᠨ᠂ ᠭᠤᠷᠪᠠᠨ ᠲᠣᠮᠤ ᠬᠥᠭᠵᠢᠯᠲᠡ ᠶᠢᠨ | ᠲᠠᠪᠴᠠᠩ᠂ ᠳᠥᠷᠪᠡᠨ ᠲᠣᠮᠤ ᠣᠨᠴᠠᠯᠢᠭᠲᠤ ᠠᠵᠤ ᠦᠢᠯᠡᠰ᠂ ᠮᠣᠩᠭᠤᠯ ᠣᠷᠣᠰ ᠤᠨ ᠡᠬᠡ ᠬᠠᠭᠤᠷᠠᠶ ᠶᠢᠨ ᠬᠥᠭᠦᠷᠭᠡ | ᠳᠠᠭᠠᠤ ᠶᠢᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠪᠠᠯᠠ ᠣᠷᠣᠭᠤᠯᠤᠯᠲᠠ ᠶᠢᠨ ᠡᠷᠴᠢᠮ ᠢᠶᠠᠷ | ᠴᠢᠩᠭ᠎ᠠ᠂ ᠦᠢᠯᠡᠳᠭᠦᠨ ᠤ ᠠᠰᠢᠭ ᠢᠶᠠᠷ ᠥᠨᠳᠥᠷ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ | ᠨᠢᠭᠡ ᠪᠦᠯᠦᠭ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠶᠢ ᠴᠢᠩᠭ᠎ᠠ ᠠᠳᠬᠤᠨ᠎ᠠ᠃ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ︽ᠲᠡᠷᠢᠭᠦᠨ ᠭᠠᠷᠳᠠᠴᠠ︾ ᠶᠢ ᠭᠤᠶᠢᠪᠢᠰᠢ ᠥᠬᠡᠶ ᠪᠠᠷᠢᠮᠲᠠᠯᠠᠨ᠂ ︽ᠠᠵᠢᠯ | ᠡᠬᠢᠯᠡᠭᠰᠡᠨ ᠲᠥᠷᠥᠯ ᠵᠦᠢᠯ ᠤᠨ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ | ᠠᠰᠢᠭᠯᠠᠯᠲᠠ ᠳᠤ ᠣᠷᠣᠭᠤᠯᠬᠤ ᠶᠢ ᠠᠳᠬᠤᠬᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠮᠥᠷᠳᠡᠯᠲᠡ ᠶᠢ | ᠠᠳᠬᠤᠬᠤ᠂ ᠨᠥᠭᠡᠴᠡᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ︾ ᠶᠢ | ᠴᠢᠩᠭᠠᠳᠬᠠᠨ᠂ ᠪᠠᠷᠠᠭᠤᠨ ᠲᠣᠭᠤᠷᠢᠭ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠤᠭᠤᠯᠠᠢ᠂ ᠬᠦᠳᠡᠭᠡ | ᠳᠣᠰᠬᠤᠨ ᠢ ᠬᠦᠭᠵᠢᠭᠦᠯᠦᠨ ᠮᠠᠨᠳᠣᠭᠤᠯᠵᠣ ᠠᠷᠠᠳ ᠲᠤ ᠠᠰᠢᠭ ᠬᠦᠷᠳᠡᠭᠡᠬᠦ ᠵᠡᠷᠭᠡ ᠵᠠᠰᠠᠭ ᠤᠨ ᠣᠷᠳᠣᠨ ᠤ ᠪᠡᠯᠡ | ᠣᠷᠣᠭᠤᠯᠣᠯᠳᠠ ᠲᠠᠢ 36 ᠭᠤᠤᠯᠳᠠᠯᠭ᠎ᠠ ᠲᠠᠢ ᠲᠥᠷᠥᠯ ᠵᠦᠢᠯ᠂ ᠵᠢᠩ ᠨᠸᠡᠭ ᠲᠠᠷᠬᠠᠯᠲᠠ ᠶᠢᠨ ᠮᠠᠶ᠋ᠢᠭ ᠤᠨ ᠭᠡᠷᠡᠯ | ᠴᠠᠬᠢᠯᠭᠠᠨ᠂ ᠢᠯᠴᠢ ᠴᠠᠬᠢᠯᠭᠠᠨ ᠤ ᠵᠡᠷᠭᠡᠪᠡᠷ ᠦᠢᠯᠡᠳᠪᠦᠷᠢᠯᠡᠬᠦ ᠵᠡᠷᠭᠡ ᠨᠡᠶᠢᠭᠡᠮ ᠤᠨ ᠪᠡᠯᠡ ᠣᠷᠣᠭᠤᠯᠤᠯᠲᠠ ᠶᠢᠨ | ᠭᠤᠣᠯᠳᠠᠯᠭ᠎ᠠ ᠲᠠᠢ 22ᠲᠥᠷᠥᠯ ᠵᠦᠢᠯ ᠢ ᠬᠡᠷᠡᠭᠵᠢᠭᠦᠯᠵᠦ᠂ 23.2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠪᠠᠯᠠ ᠮᠥᠩᠭᠦ᠂ ᠴᠢᠬᠤᠯᠠ ᠡᠯᠧᠮᠧᠨ᠋ᠲ ᠨᠢ ᠲᠥᠷᠥᠯ ᠵᠦᠢᠯ ᠢ ᠳᠠᠭᠠᠵᠤ᠂ | ᠦᠢᠯᠡᠴᠢᠯᠡᠭᠡ᠂ ᠪᠠᠲᠤᠯᠠᠭ᠎ᠠ ᠨᠢ ᠲᠥᠷᠥᠯ ᠵᠦᠢᠯ ᠳᠤ ᠦᠢᠯᠡᠴᠢᠯᠡᠬᠦ ᠶᠢ ᠪᠠᠷᠢᠮᠲᠠᠯᠠᠵᠤ᠂ ᠡᠩ ᠤᠨ ᠵᠢᠭᠡᠯᠡᠯᠭᠡ ᠶᠢᠨ | ᠲᠡᠮᠳᠡᠭᠲᠦ᠂ ᠲᠤᠰᠬᠠᠶ ᠵᠢᠭᠡᠯᠡᠯᠭᠡ ᠶᠢᠨ ᠲᠡᠮᠳᠡᠭᠲᠦ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ | ᠪᠥᠬᠦ ᠬᠦᠴᠦᠨ ᠢᠶᠠᠷ ᠢᠶᠠᠨ ᠭᠦᠭᠡᠭᠡᠴᠡᠯᠳᠦᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ | ᠵᠦᠢᠯ ᠳᠤ ᠨᠠᠩ ᠣᠯᠠᠨ ᠡᠳ᠋ ᠤᠨ ᠬᠦᠴᠦᠨ ᠤ ᠲᠤᠯᠭᠠᠭᠤᠷᠢᠯᠠᠯ ᠬᠠᠩᠭᠠᠨ᠎ᠠ᠃ ᠲᠥᠷᠥᠯ ᠵᠦᠢᠯ ᠤᠨ ᠲᠦᠰᠦᠪᠯᠡᠭᠰᠡᠨ | ᠠᠴᠠ ᠠᠪᠤᠭᠠᠳ ᠪᠠᠷᠢᠯᠭ᠎ᠠ ᠳᠠᠭᠤᠰᠤᠨ ᠠᠰᠢᠭᠯᠠᠯᠲᠠ ᠳᠤ ᠣᠷᠤᠬᠤ ᠬᠦᠷᠲᠡᠯᠡᠬᠢ ᠪᠥᠬᠦ ᠶᠠᠪᠣᠴᠠ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠦᠯᠦᠪᠵᠢᠭᠦᠯᠭᠡ᠂ ᠭᠠᠵᠠᠷ ᠬᠡᠷᠡᠭᠯᠡᠭᠡ᠂ ᠣᠷᠴᠢᠨ | ᠲᠣᠭᠤᠷᠢᠨ ᠤ ᠦᠨᠡᠯᠡᠯᠭᠡ ᠵᠡᠷᠭᠡ ᠲᠥᠷᠥᠯ ᠵᠦᠢᠯ ᠤᠨ ᠬᠢᠨᠠᠨ ᠵᠦᠪᠰᠢᠶᠡᠷᠡᠯᠲᠡ ᠶᠢᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠢᠯᠴᠢ | ᠂ ᠴᠢᠮᠡᠭᠡ ᠨᠡᠪᠲᠡᠷᠡᠯᠭᠡ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠳᠡᠮᠵᠢᠯᠭᠡ ᠶᠢ ᠴᠢᠩᠭᠠᠷᠠᠭᠤᠯᠤᠨ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ | ᠨᠠᠶᠢᠳᠠᠪᠤᠷᠢᠵᠢᠭᠤᠯᠤᠯᠲᠠ ᠨᠢ ᠲᠦᠷᠭᠡᠨ᠂ ᠪᠥᠲᠥᠭᠡᠨ ᠪᠠᠶᠢᠭᠤᠯᠤᠯᠲᠠ ᠨᠢ ᠲᠦᠷᠭᠡᠨ᠂ ᠠᠰᠢᠭᠯᠠᠯᠲᠠ ᠳᠤ ᠣᠷᠤᠬᠤ ᠨᠢ | ᠲᠦᠷᠭᠡᠨ᠂ ᠦᠷ᠎ᠡ ᠪᠦᠲᠦᠮᠵᠢ ᠨᠢ ᠲᠦᠷᠭᠡᠨ ᠪᠠᠶᠢᠬᠤ ᠶᠢ ᠦᠨᠡᠨᠬᠦ ᠪᠠᠲᠤᠯᠠᠨ᠎ᠠ᠃ | ︵ᠳᠥᠷᠪᠡ︶ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠎ᠠ | ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠠᠵᠤ ᠠᠬᠤᠢ ᠠᠷᠠᠯᠵᠢᠶᠠᠨ ᠤ ᠲᠤᠰᠬᠠᠢ ᠲᠥᠷᠥᠯ ᠤᠨ ᠪᠡᠯᠡ ᠮᠥᠩᠭᠦ ᠶᠢ ᠢᠳᠡᠪᠬᠢᠳᠡᠢ ᠬᠦᠭᠡᠭᠡᠴᠡᠯᠳᠦᠨ᠂ | ᠬᠤᠲᠠ ᠳᠤ ᠬᠠᠷᠢᠶᠠᠯᠠᠭᠳᠠᠬᠤ ᠠᠷᠠᠯᠵᠢᠶᠠᠨ ᠤ ᠠᠵᠤ ᠠᠬᠤᠶᠢᠯᠠᠯ ᠤᠨ ᠬᠡᠪᠴᠢᠶ᠎ᠡ ᠶᠢ ᠥᠷᠭᠡᠳᠬᠡᠬᠦ ᠶᠢ ᠳᠠᠮᠵᠢᠨ᠎ᠠ᠃ ︽ | ᠢᠨᠲ᠋ᠧᠷ ᠰᠦᠯᠵᠢᠶ᠎ᠡ + ᠬᠢᠯᠢ ᠶᠢᠨ ᠠᠷᠠᠯᠵᠢᠶ᠎ᠠ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠣᠨ | ᠬᠦᠭᠵᠢᠭᠦᠯᠵᠣ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ | ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠢ ᠭᠤᠶᠤᠴᠢᠯᠠᠨ ᠮᠡᠳᠡᠭᠦᠯᠬᠦ ᠠᠵᠢᠯ ᠢ | ᠡᠬᠢᠯᠡᠭᠦᠯᠦᠨ᠎ᠡ᠃ ᠵᠢᠰᠢᠶᠠᠨ ᠤ ᠭᠠᠯᠲᠤ ᠲᠡᠷᠭᠡ ᠶᠢᠨ ᠠᠵᠤ ᠠᠬᠤᠢ ᠶᠢ ᠪᠤᠶᠢᠵᠢᠭᠤᠯᠤᠨ ᠦᠷᠭᠡᠳᠬᠡᠵᠦ᠂ ᠵᠢᠯ ᠤᠨ | ᠳᠣᠲᠣᠷ᠎ᠠ ︽ᠡᠬᠢᠯᠡᠯᠳᠡ ᠶᠢᠨ ᠣᠷᠣᠨ ᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ︾ ᠶᠢ | ᠡᠬᠢᠯᠡᠭᠦᠯᠬᠦ ᠪᠠᠷ ᠴᠢᠷᠮᠠᠶᠢᠨ᠎ᠠ᠃ ᠪᠠᠷᠠᠭᠠᠨ ᠤ ᠭᠦᠢᠯᠭᠡᠭᠡᠨ ᠤ ᠬᠥᠮᠥᠷᠭᠡᠯᠡᠬᠦ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠤ ᠭᠠᠩ ᠵᠢᠮᠢᠰ ᠢᠳᠡᠰᠢᠨ ᠨᠣᠭᠤᠭ᠎ᠠ ᠶᠢᠨ ᠪᠠᠷᠠᠭᠠᠨ ᠤ | ᠭᠦᠢᠯᠭᠡᠭᠡᠨ ᠤ ᠲᠣᠭᠤᠷᠢᠭ ᠤᠨ ᠲᠣᠭᠲᠠᠮᠠᠯ ᠳᠤᠯᠠᠭᠠᠨ ᠬᠥᠮᠥᠷᠭᠡ᠂ ᠬᠤᠸᠠᠨ ᠢᠦᠶ ᠪᠠᠷᠠᠭᠠᠨ ᠤ ᠭᠦᠢᠯᠭᠡᠭᠡᠨ ᠤ | ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠡᠷᠭᠢᠯᠲᠡ ᠶᠢᠨ ᠬᠥᠮᠥᠷᠭᠡ᠂ | ᠬᠤᠩᠭᠤᠷ ᠬᠦᠷᠦᠭᠡᠭᠦᠷᠲᠦ ᠪᠠᠷᠠᠭᠠᠨ ᠤ ᠭᠦᠢᠯᠭᠡᠭᠡᠨ ᠤ ᠬᠥᠮᠥᠷᠭᠡ ᠵᠡᠷᠭᠡ ᠲᠥᠷᠥᠯ ᠵᠦᠢᠯ ᠢ ᠪᠠᠶᠢᠭᠤᠯᠤᠨ | ᠡᠵᠡᠩᠨᠡᠯᠲᠡ ᠳᠤ ᠣᠷᠣᠭᠤᠯᠬᠤ ᠶᠢ ᠠᠬᠢᠭᠤᠯᠤᠨ᠎ᠠ᠃ ᠤᠯᠠᠨ ᠬᠡᠯᠪᠡᠷᠢ ᠶᠢᠨ ᠬᠤᠯᠪᠣᠭᠠᠯᠠᠨ ᠳᠡᠭᠡᠭᠡᠪᠦᠷᠢᠯᠡᠬᠦ ᠰᠢᠰᠲ᠋ᠧᠮ ᠢ | ᠡᠭᠦᠳᠦᠨ ᠪᠠᠶᠢᠭᠤᠯᠵᠤ᠂ ᠪᠦᠸᠧᠬᠠᠶ ᠲᠠᠩᠭᠢᠰ ᠤᠨ ᠡᠷᠬᠢ ᠳᠠᠭᠠᠤ ᠭᠠᠷᠠᠮ ᠯᠤᠭ᠎ᠠ ᠵᠣᠯᠭᠠᠯᠳᠣᠭᠤᠯᠣᠨ ᠡᠭᠡ | ᠬᠠᠭᠤᠷᠠᠶ ᠶᠢᠨ ᠭᠠᠷᠠᠮ ᠤᠨ ᠬᠤᠯᠪᠣᠭᠠᠯᠠᠨ ᠳᠡᠭᠡᠭᠡᠪᠦᠷᠢᠯᠡᠬᠦ ᠬᠠᠮᠲᠤᠷᠠᠯᠴᠠᠭ᠎ᠠ ᠶᠢ ᠥᠷᠨᠢᠭᠦᠯᠬᠦ ᠶᠢ ᠲᠦᠯᠬᠢᠨ | ᠠᠬᠢᠭᠤᠯᠵᠤ᠂ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠭᠰᠠᠨ ᠳᠡᠭᠡᠭᠡᠪᠦᠷᠢᠯᠡᠯᠳᠡ ᠶᠢᠨ ᠬᠡᠪᠴᠢᠶ᠎ᠡ ᠶᠢ ᠥᠷᠭᠡᠳᠬᠡᠵᠦ᠂ | ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ᠂ ᠳᠠᠮᠵᠢᠭᠤᠯᠬᠤ᠂ ᠲᠣᠬᠢᠷᠠᠭᠤᠯᠤᠨ ᠬᠦᠷᠭᠡᠬᠦ ᠴᠢᠳᠠᠮᠵᠢ ᠶᠢ | ᠨᠥᠬᠦᠪᠥᠷᠢᠯᠡᠨ ᠴᠢᠩᠭᠠᠷᠠᠭᠤᠯᠤᠨ᠎ᠠ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠨᠠᠷᠢᠯᠢᠭᠵᠢᠭᠤᠯᠤᠨ᠎ᠠ᠃ ᠮᠣᠩᠭᠤᠯ | ᠣᠷᠣᠰ ᠠᠴᠠ ᠣᠷᠣᠭᠤᠯᠬᠤ ᠡᠬᠢ ᠪᠠᠶᠠᠯᠢᠭ ᠲᠤ ᠲᠦᠰᠢᠭᠯᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠡᠳ᠋ᠰᠢᠭᠦᠯᠬᠦ ᠦᠢᠯᠡᠰ ᠢ ᠡᠷᠴᠢᠮᠵᠢᠭᠦᠯᠦᠨ ᠬᠥᠭᠵᠢᠭᠦᠯᠵᠦ᠂ ︽ᠮᠢᠩᠭ᠎ᠠ᠂ ᠵᠠᠭᠤ᠂ ᠲᠦᠮᠡ︾ ᠶᠢᠨ | ᠭᠠᠳᠠᠭᠠᠳᠤ ᠣᠷᠤᠭᠤᠯᠤᠯᠲᠠ ᠶᠢᠨ ᠡᠳ᠋ᠰᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠮᠢᠩᠭᠠᠨ | ᠲᠦᠮᠡᠨ ᠲᠣᠨ ᠤ ᠭᠠᠳᠠᠭᠠᠳᠤ ᠠᠴᠠ ᠣᠷᠤᠭᠤᠯᠤᠭᠰᠠᠨ ᠲᠡᠮᠦᠷ ᠤᠨ ᠬᠦᠳᠡᠷ ᠢ ᠪᠣᠯᠪᠠᠰᠤᠷᠠᠭᠤᠯᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ︽ᠤᠰᠤ ᠬᠡᠷᠡᠭᠯᠡᠬᠦ ᠬᠡᠮᠵᠢᠶ᠎ᠡ ᠪᠠᠷ ᠠᠵᠤ ᠦᠢᠯᠡᠰ ᠤᠨ | ᠲᠦᠷᠦᠯ ᠢ ᠲᠣᠭᠲᠠᠭᠠᠵᠤ᠂ ᠡᠷᠴᠢᠮᠵᠢᠭᠦᠯᠦᠨ ᠬᠥᠭᠵᠢᠭᠦᠯᠬᠦ︾ ᠶᠢ ᠪᠡᠷᠢᠮᠲᠠᠯᠠᠵᠤ᠂ ᠵᠦᠩ ᠵᠢᠢ ᠰᠢ ᠠᠨ ᠵᠡᠷᠭᠡ | ᠲᠡᠮᠦᠷ ᠤᠨ ᠬᠦᠳᠡᠷ ᠪᠣᠯᠪᠠᠰᠤᠷᠠᠭᠤᠯᠬᠤ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ | ᠣᠷᠣᠭᠤᠯᠬᠤ ᠶᠢ ᠲᠦᠯᠬᠢᠨ ᠠᠬᠢᠭᠤᠯᠤᠨ᠎ᠠ᠃ ᠵᠠᠭᠤᠨ ᠲᠦᠮᠡᠨ ᠲᠣᠨ ᠤ ᠭᠠᠳᠠᠭᠠᠳᠤ ᠠᠴᠠ ᠣᠷᠣᠭᠤᠯᠤᠭᠰᠠᠨ ᠠᠮᠤ | ᠲᠣᠰᠣ ᠶᠢ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠨᠢᠭᠡᠨᠲᠡ ᠪᠠᠶᠢᠭ᠎ᠠ ᠠᠮᠤ | ᠲᠣᠰᠣ ᠡᠳ᠋ᠰᠢᠭᠦᠯᠬᠦ ᠠᠵᠤ ᠠᠬᠤᠶᠢᠯᠠᠯ ᠤᠨ ᠬᠡᠪᠴᠢᠶ᠎ᠡ ᠪᠠᠨ ᠦᠷᠭᠡᠳᠭᠡᠨ᠂ ᠨᠡᠷᠡᠲᠦ ᠲᠡᠮᠳᠡᠭᠲᠦ ᠶᠢ ᠪᠤᠢ ᠪᠣᠯᠭᠠᠬᠤ ᠶᠢ | ᠬᠦᠲᠦᠯᠦᠨ ᠵᠢᠯᠤᠭᠤᠳᠴᠤ᠂ ᠬᠥ᠋ ᠹᠧᠩ ᠠᠮᠤ ᠲᠣᠰᠣ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠸᠠᠨ ᠺᠠᠶ᠂ ᠶᠢᠨ ᠶᠠᠩ ᠲᠠᠷᠢᠶᠠᠯᠠᠩ ᠠᠵᠤ | ᠠᠬᠤᠢ ᠶᠢᠨ ᠠᠮᠤ ᠲᠣᠰᠣ ᠡᠳ᠋ᠰᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠴᠤᠸᠠᠨ | ᠯᠢᠶᠠᠨ ᠠᠮᠤ ᠲᠣᠰᠣ ᠡᠳ᠋ᠰᠢᠭᠦᠯᠬᠦ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ ᠲᠦᠮᠡᠨ ᠲᠣᠨ ᠤ | ᠮᠠᠯ ᠠᠵᠦ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ | ᠨᠡᠷᠡᠲᠦ ᠲᠡᠮᠳᠡᠭᠲᠦ ᠠᠵᠤ ᠠᠬᠤᠶᠢᠯᠠᠯ ᠢ ᠢᠳᠡᠪᠬᠢᠲᠡᠢ ᠤᠷᠢᠨ ᠣᠷᠣᠭᠤᠯᠵᠤ᠂ ᠨᠣᠣᠰᠣ ᠨᠣᠣᠯᠤᠭᠤᠷ᠂ ᠮᠢᠬᠠᠨ ᠤ | ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠᠨ | ᠥᠷᠭᠡᠳᠬᠡᠬᠦ ᠶᠢ ᠳᠠᠮᠵᠢᠨ᠎ᠠ᠃ | ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠯᠠᠨ᠎ᠠ᠃ ᠤᠯᠤᠰ ᠤᠨ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠵᠦ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ | ᠣᠷᠣᠨ᠂ ᠤᠯᠤᠰ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ | ᠴᠠᠭ ᠳᠤ ᠨᠢ ᠲᠣᠬᠢᠷᠠᠭᠤᠯᠤᠨ ᠡᠬᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠬᠦᠷᠦᠩᠬᠡ ᠣᠷᠣᠭᠤᠯᠣᠯᠳᠠ ᠶᠢᠨ | ᠪᠦᠯᠦᠭᠯᠡᠯ ᠤᠨ ᠵᠠᠬ᠎ᠠ ᠳᠡᠯᠭᠡᠭᠦᠷᠴᠢᠯᠡᠬᠦ ᠶᠢ ᠲᠦᠷᠭᠡᠳᠬᠡᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠯᠳᠠ ᠪᠠ ᠡᠵᠡᠩᠨᠡᠯᠲᠡ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ᠂ ᠤᠯᠤᠰ ᠤᠨ | ᠡᠭᠦᠳᠡ ᠬᠢᠯᠢ ᠶᠢᠨ ᠪᠣᠭᠤᠮᠲᠠ᠂ ᠠᠪᠤᠷᠭᠤ ᠭᠦᠷᠪᠡᠯ ᠤᠨ ᠮᠦᠽᠸᠢ᠂ ᠴᠠᠶ ᠶᠢᠨ ᠵᠠᠮ ᠤᠨ ᠤᠯᠠᠭ᠎ᠠ ᠥᠷᠲᠡᠭᠡ ᠵᠡᠷᠭᠡ | ᠰᠣᠶᠣᠯ ᠵᠢᠭᠤᠯᠴᠢᠯᠠᠯ ᠤᠨ ᠨᠡᠷᠡᠳᠣ ᠳᠡᠮᠳᠡᠭᠳᠣ ᠶᠢ ᠣᠬᠠᠭᠤᠯᠣᠨ ᠰᠣᠷᠳᠠᠯᠴᠢᠯᠠᠵᠣ᠂ ᠡᠴᠢᠭᠡ ᠡᠬᠡ ᠦᠷ᠎ᠡ | ᠬᠡᠦᠬᠡᠳ ᠤᠨ ᠵᠢᠭᠤᠯᠴᠢᠯᠠᠯ᠂ ᠨᠠᠰᠤᠲᠠᠶᠢᠴᠤᠳ ᠤᠨ ᠵᠢᠭᠤᠯᠴᠢᠯᠠᠯ᠂ ᠡᠷᠡᠭᠦᠯ ᠮᠡᠨᠳᠦ ᠶᠢᠨ ᠰᠤᠪᠢᠯᠠᠯᠲᠠ ᠶᠢᠨ | ᠵᠢᠭᠤᠯᠴᠢᠯᠠᠯ᠂ ᠳᠣᠣᠷ᠎ᠠ ᠨᠡᠭᠦᠷᠡᠰᠦᠳᠦ᠋ᠷᠦᠭᠴᠢᠳᠣ ᠵᠢᠭᠤᠯᠴᠢᠯᠠᠯ ᠢ ᠦᠷᠭᠡᠵᠢᠭᠦᠯᠦᠨ᠎ᠡ᠃ | ᠴᠡᠪᠡᠷ ᠡᠨᠧᠷᠭᠢ ᠶᠢᠨ ᠰᠤᠷᠪᠤᠯᠵᠢ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠵᠠᠭᠤᠨ ᠲᠦᠮᠡᠨ ᠺᠢᠯᠣᠸᠠᠲ ᠴᠡᠪᠡᠷ | ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠠᠬᠤ ᠶᠢᠨ ᠲᠣᠭᠤᠷᠢᠨ ᠳᠤ᠂ ᠳᠠᠬᠢᠨ ᠠᠰᠢᠭᠯᠠᠵᠤ ᠪᠣᠯᠬᠤ | ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠥᠷᠦᠯ ᠵᠦᠢᠯ ᠢ ᠲᠦᠷᠭᠡᠳᠬᠡᠨ ᠠᠬᠢᠭᠤᠯᠵᠤ᠂ | ᠦᠯᠠᠳᠠᠵᠦ ᠪᠠᠶᠢᠭ᠎ᠠ 15 ᠲᠦᠮᠡᠨ ᠺᠢᠯᠤᠸᠠᠲ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠢ | ᠪᠠᠶᠢᠭᠤᠯᠤᠨ ᠰᠦᠯᠵᠢᠶᠡᠨ ᠳᠤ ᠣᠷᠤᠭᠤᠯᠬᠤ ᠶᠢ ᠠᠬᠢᠭᠤᠯᠵᠤ᠂ ᠪᠦᠬᠦ ᠬᠤᠲᠠ ᠶᠢᠨ ᠨᠠᠷᠠ ᠰᠠᠯᠬᠢᠨ ᠢᠶᠠᠷ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 72.9 ᠲᠦᠮᠡᠨ ᠺᠢᠯᠤᠸᠠᠲ ᠲᠤ ᠬᠦᠷᠭᠡᠬᠦ ᠪᠠᠷ ᠴᠢᠷᠮᠠᠶᠢᠨ᠎ᠠ᠃ | ᠵᠢᠩ ᠨᠸᠡᠭ ᠪᠦᠯᠦᠭᠯᠡᠯ ᠯᠦᠭᠡ ᠵᠣᠯᠭᠠᠯᠳᠤᠭᠤᠯᠤᠭᠠ ᠪᠠᠨ ᠴᠢᠩᠭᠠᠳᠬᠠᠵᠤ᠂ 4 ᠲᠦᠮᠡᠨ ᠺᠢᠯᠤᠸᠠᠲ ᠤᠨ ᠭᠡᠷᠡᠯ | ᠴᠠᠬᠢᠯᠭᠠᠨ ᠤ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ ᠭᠠᠳᠠᠭᠠᠳᠤ ᠠᠴᠠ ᠣᠷᠣᠭᠤᠯᠤᠭᠰᠠᠨ | ᠪᠠᠶᠢᠭᠠᠯᠢ ᠶᠢᠨ ᠰᠢᠲᠠᠮᠠᠬᠠᠶ ᠬᠡᠢ ᠶᠢ ᠬᠠᠳᠠᠭᠠᠯᠠᠵᠤ ᠲᠡᠭᠡᠭᠡᠪᠦᠷᠢᠯᠡᠬᠦ ᠵᠢᠴᠢ ᠬᠤᠲᠠ ᠶᠢᠨ ᠶᠡᠷᠦᠩᠬᠡᠶᠢᠯᠡᠨ ᠠᠰᠢᠭᠯᠠᠬᠤ | ᠲᠥᠷᠥᠯ ᠵᠦᠢᠯ ᠢ ᠢᠳᠡᠪᠬᠢᠳᠡᠢ ᠲᠥᠯᠥᠪᠵᠢᠭᠦᠯᠦᠨ ᠡᠬᠢᠯᠡᠭᠦᠯᠦᠨ᠎ᠡ᠃ | ︵ᠲᠠᠪᠤ︶ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠴᠢᠳᠠᠮᠵᠢ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠨᠠᠷᠢᠯᠢᠭᠵᠢᠭᠤᠯᠤᠨ᠎ᠠ᠃ ︽ᠠᠷᠠᠳ ᠲᠦᠮᠡᠨ ᠤ ᠲᠥᠯᠥᠭᠡ | ᠬᠤᠲᠠ ᠶᠢ ᠬᠠᠮᠢᠶᠠᠷᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠳᠣᠯᠠᠭᠠᠯᠠᠭ᠎ᠠ | ᠬᠠᠩᠭᠠᠬᠤ᠂ ᠠᠳᠠᠯ ᠠᠬᠤᠶ᠂ ᠤᠰᠤ ᠬᠠᠩᠭᠠᠬᠤ᠂ ᠬᠤᠳᠠ ᠶᠢᠨ ᠶᠠᠪᠣᠳᠠᠯ ᠣᠷᠴᠢᠨ ᠳᠣᠭᠤᠷᠢᠨ ᠤ ᠡᠷᠡᠭᠦᠯ | ᠬᠠᠮᠠᠭᠠᠯᠠᠯ᠂ ᠨᠣᠭᠤᠭᠠᠷᠠᠭᠤᠯᠣᠯᠳᠠ ᠵᠡᠷᠭᠡ ᠣᠯᠠᠨ ᠲᠦᠮᠡᠨ ᠤ ᠨᠡᠶᠢᠳᠡᠮ ᠠᠩᠬᠠᠷᠳᠠᠭ ᠰᠠᠨᠠᠭᠠᠰᠢᠷᠠᠵᠣ ᠪᠠᠶᠢᠭ᠎ᠠ ᠶᠠᠪᠤᠳᠠᠯ | ᠂ ᠪᠣᠬᠢᠨᠠᠳᠣᠵᠣ ᠪᠠᠶᠢᠭ᠎ᠠ ᠶᠠᠪᠤᠳᠠᠯ ᠤᠨ ᠲᠣᠭᠤᠷᠢᠨ ᠳᠤ᠂ ︽ᠡᠴᠦᠰ ᠤᠨ ᠨᠢᠭᠡ ᠮᠧᠲᠷ︾ ︽ᠡᠴᠦᠰ ᠤᠨ ᠨᠢᠭᠡ | ᠬᠥᠮᠦᠨ︾ ᠤ ᠬᠠᠷᠢᠭᠤᠴᠠᠯᠭ᠎ᠠ ᠶᠢ ᠪᠠᠲᠤᠳᠬᠠᠨ᠎ᠠ᠃ ᠬᠤᠳᠠ ᠶᠢ ᠰᠢᠨᠡᠴᠢᠯᠡᠬᠦ ᠠᠵᠢᠯᠯᠠᠭ᠎ᠠ ᠶᠢ ᠦᠷᠭᠦᠯᠵᠢᠯᠡᠨ | ᠬᠡᠷᠡᠭᠵᠢᠭᠦᠯᠵᠣ᠂ ᠵᠢᠯ ᠤᠨ ᠳᠣᠲᠣᠷ᠎ᠠ ᠬᠠᠭᠤᠴᠢᠨ ᠰᠠᠭᠤᠭᠠᠯᠢ ᠲᠣᠭᠤᠷᠢᠭ᠂ ᠤᠰᠤ ᠬᠠᠩᠭᠠᠬᠤ ᠬᠤᠭᠤᠯᠠᠢ᠂ ᠪᠣᠬᠢᠷ | ᠤᠰᠤᠨ ᠤ ᠬᠤᠭᠤᠯᠠᠢ ᠶᠢ ᠦᠭᠡᠷᠡᠴᠢᠯᠡᠨ ᠰᠢᠨᠡᠳᠬᠡᠬᠦ ᠢᠨᠵᠧᠨᠧᠷᠢᠩ ᠢ ᠳᠠᠭᠤᠰᠬᠠᠵᠣ᠂ ᠲᠡᠮᠦᠷ ᠵᠠᠮ ᠤᠨ ᠤᠰᠤᠨ ᠤ | ᠦᠢᠯᠡᠳᠪᠦᠷᠢ ᠶᠢ ᠦᠭᠡᠷᠡᠴᠢᠯᠡᠨ ᠰᠢᠨᠡᠳᠬᠡᠬᠦ᠂ ᠲᠠᠬᠢᠨ ᠠᠰᠢᠭᠯᠠᠬᠤ ᠤᠰᠤᠨ ᠤ ᠬᠤᠭᠤᠯᠠᠢ ᠶᠢ ᠦᠭᠡᠷᠡᠴᠢᠯᠡᠨ | ᠰᠢᠨᠡᠳᠬᠡᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠬᠤᠳᠠ | ᠲᠣᠭᠤᠷᠢᠭ ᠤᠨ 220 ᠺᠢᠯᠣᠸᠠᠲ ᠤᠨ ᠬᠦᠴᠦᠳᠡᠯ ᠬᠤᠪᠢᠰᠬᠠᠬᠤ ᠦᠷᠳᠡᠭᠡ ᠵᠢᠴᠢ ᠢᠵᠢ ᠪᠦᠷᠢᠳᠦᠭᠦᠯᠬᠦ ᠴᠠᠬᠢᠯᠭᠠᠨ | ᠲᠠᠮᠵᠢᠭᠤᠯᠤᠨ ᠬᠦᠴᠦᠳᠡᠯ ᠬᠤᠪᠢᠰᠬᠠᠬᠤ ᠢᠨᠵᠧᠨᠧᠷᠢᠩ ᠡᠬᠢᠯᠡᠨ ᠪᠠᠶᠢᠭᠤᠯᠣᠨ᠎ᠠ᠃ ᠵᠢᠶᠦ᠋ᠨ ᠸᠧᠶ ᠱᠸᠦ | ᠹᠦ᠋ ᠰᠠᠭᠤᠭᠠᠯᠢ ᠲᠤᠭᠤᠷᠢᠭ ᠤᠨ ᠨᠢᠭᠡᠳᠦᠭᠡᠷ ᠬᠤᠭᠤᠴᠠᠭ᠎ᠠ᠂ ᠵᠥᠩ ᠵᠢᠩ ᠬᠤᠤ ᠲᠢᠩ ᠵᠡᠷᠭᠡ ᠣᠷᠣᠨ ᠰᠠᠭᠤᠴᠠ ᠶᠢᠨ | ᠰᠠᠭᠤᠭᠠᠯᠢ ᠲᠣᠭᠤᠷᠢᠭ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽ | ᠣᠶᠣᠨᠴᠢ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠤᠳᠠᠰᠤᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ︽ᠭᠠᠭᠴᠠ | ᠵᠢᠷᠤᠭ︾ ᠢᠶᠠᠷ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ︽ᠭᠤᠷᠪᠠᠨ ᠣᠷᠤᠨ ᠵᠠᠢ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠪᠠ | ᠬᠠᠮᠢᠶᠠᠷᠤᠨ ᠡᠵᠡᠮᠳᠡᠵᠦ᠂ ᠬᠤᠳᠠ ᠶᠢᠨ ᠲᠥᠪᠯᠡᠷᠡᠩᠭᠦᠶ ᠡᠷᠴᠢᠮᠯᠢᠭ ᠬᠥᠭᠵᠢᠯᠲᠡ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠣᠨ᠎ᠠ᠃ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠩᠭᠠᠳᠬᠠᠨ᠂ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ | ᠠᠵᠢᠯᠯᠠᠭ᠎ᠠ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ | ᠲᠦᠬᠦᠭᠡᠷᠦᠮᠵᠢ ᠶᠢ ᠲᠡᠭᠦᠯᠳᠡᠷᠵᠢᠭᠦᠯᠵᠦ᠂ 15.2 ᠺᠢᠯᠣᠮᠧᠲᠷ ᠤᠨ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠵᠠᠰᠠᠨ | ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢ ᠢᠳᠡᠪᠬᠢᠲᠡᠶ ᠪᠠᠷ ᠠᠬᠢᠭᠤᠯᠵᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ ᠲᠡᠳᠬᠦᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠥᠷᠭᠡᠨ ᠣᠯᠠᠨ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠣᠬᠢᠬᠤ ᠬᠡᠮᠵᠢᠶᠡᠨ ᠤ ᠮᠠᠯ ᠠᠵᠤ | ᠠᠬᠤᠶ᠂ ᠴᠢᠨᠠᠷ ᠰᠠᠶᠢᠲᠠᠶ ᠵᠢᠮᠢᠰ ᠨᠣᠭᠤᠭ᠎ᠠ ᠳᠠᠷᠢᠵᠤ ᠲᠡᠭᠦᠬᠦ ᠦᠢᠯᠡᠰ᠂ ᠮᠠᠯᠴᠢᠨ ᠲᠠᠷᠢᠶᠠᠴᠢᠳ ᠤᠨ ᠬᠡᠷ ᠪᠦᠯᠢ ᠶᠢᠨ | ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ | ᠴᠢᠨᠡᠭᠡᠯᠢᠭᠵᠢᠭᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠵᠠᠩᠰᠢᠯ ᠢᠶᠠᠨ ᠬᠠᠯᠠᠨ | ᠥᠭᠡᠷᠡᠴᠢᠯᠡᠬᠦ ᠶᠢ ᠠᠬᠢᠭᠤᠯᠵᠤ᠂ ︽ᠪᠣᠯᠪᠠᠰᠤᠨ ᠮᠠᠯᠴᠢᠨ ᠲᠠᠷᠢᠶᠠᠴᠢᠨ︾᠂ ︽ᠠᠷᠪᠠᠨ ᠣᠳᠣᠨ ᠲᠠᠰ ᠤᠨ | ᠪᠣᠯᠪᠠᠰᠤᠨ ᠡᠷᠦᠬᠡ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠰᠠᠶᠢᠬᠠᠨ ᠨᠤᠲᠤᠭ ᠤᠨ | ᠰᠤᠷᠲᠠᠯ᠂ ᠰᠢᠯᠢᠳᠡᠭ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠰᠠᠶᠢᠬᠠᠨ ᠠᠷᠠᠳ ᠤᠨ ᠰᠤᠷᠲᠠᠯ ᠢ | ᠪᠤᠶᠢᠵᠢᠭᠤᠯᠤᠨ᠎ᠠ᠃ | ᠣᠷᠴᠢᠨ ᠲᠤᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠶ ᠶᠢ ᠲᠡᠷᠢᠭᠦᠨ | ᠪᠠᠶᠢᠷᠢᠨ ᠳᠤ ᠲᠠᠯᠪᠢᠨ᠂ ᠪᠣᠬᠢᠷᠲᠤᠯ ᠥᠬᠡᠶ ᠪᠠᠷ ᠬᠦᠭᠵᠢᠯᠲᠡ ᠶᠢ ᠪᠠᠷᠢᠮᠲᠠᠯᠠᠵᠤ᠂ ᠡᠨᠧᠷᠭᠢ ᠶᠢᠨ | ᠬᠤᠷᠣᠭᠳᠠᠭᠤᠯᠤᠯ ᠤᠨ ᠬᠤᠣᠰ ᠡᠵᠡᠮᠳᠠᠯ ᠤᠨ ᠭᠦᠢᠴᠡᠳᠬᠡᠯ ᠲᠤᠭ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠤᠨ ᠤ ᠡᠭᠦᠷᠭᠡ ᠶᠢ ᠪᠡᠶᠡᠯᠡᠭᠦᠯᠦᠨ᠎ᠡ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ | ᠦᠨᠳᠦᠷ ᠪᠠᠷᠢᠮᠵᠢᠶ᠎ᠠ ᠪᠠᠷ ᠰᠠᠶᠢᠲᠤᠷ ᠬᠢᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠳᠣᠯᠠᠭᠠᠯᠠᠭ᠎ᠠ ᠬᠠᠩᠭᠠᠬᠤ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠭᠠᠷᠤᠯᠲᠠ ᠶᠢ | ᠡᠳ᠋ᠰᠢᠭᠦᠯᠦᠨ ᠬᠥᠮᠥᠷᠭᠡᠯᠡᠬᠦ᠂ ᠲᠡᠭᠡᠭᠡᠪᠦᠷᠢᠯᠡᠬᠦ ᠵᠡᠷᠭᠡ ᠠᠵᠢᠯ ᠲᠦᠷᠦᠯ ᠤᠨ ᠮᠥᠬᠦᠯᠢᠭᠲᠦ ᠪᠣᠳᠠᠰ ᠤᠨ | ᠭᠠᠳᠠᠭᠰᠢᠯᠠᠭᠤᠯᠤᠯᠲᠠ ᠶᠢ ᠶᠡᠷᠦᠩᠬᠡᠶᠢᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠭ ᠠᠭᠤᠷ ᠤᠨ ᠶᠠᠰᠤ | ᠴᠢᠨᠠᠷ ᠢ ᠨᠡᠩ ᠰᠠᠶᠢᠨ ᠪᠣᠯᠭᠠᠬᠤ ᠶᠢ ᠪᠠᠲᠤᠯᠠᠨ᠎ᠠ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ | ᠲᠠᠯ᠎ᠠ ᠪᠠᠷ ᠰᠠᠶᠢᠲᠤᠷ ᠬᠢᠵᠦ᠂ ᠪᠣᠬᠢᠷ ᠤᠰᠤ ᠰᠢᠢᠳᠪᠦᠷᠢᠯᠡᠬᠦ᠂ ᠦᠢᠯᠡᠳᠪᠦᠷᠢᠯᠡᠯ ᠳᠤ ᠬᠡᠷᠡᠭᠯᠡᠬᠦ ᠣᠰᠣ᠂ | ᠡᠮᠴᠢᠯᠡᠭᠡᠨ ᠤ ᠬᠠᠶᠠᠭᠳᠠᠮᠠᠯ ᠤᠰᠤᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠤᠭᠤᠬᠤ ᠤᠰᠤᠨ ᠤ ᠡᠬᠢ | ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠪᠡᠯᠡᠳᠬᠡᠯ ᠤᠰᠤᠨ ᠤ ᠡᠬᠢ | ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠣᠨ ᠤ ᠡᠭᠦᠷᠭᠡ ᠶᠢ ᠪᠡᠶᠡᠯᠡᠭᠦᠯᠦᠨ᠎ᠡ᠃ ᠰᠢᠮᠡᠯᠢᠭ | ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠴᠢᠨᠠᠷ ᠰᠠᠶᠢᠲᠠᠶ ᠬᠢᠵᠦ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠡᠮᠴᠢᠯᠡᠭᠡᠨ ᠤ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠨ | ᠰᠢᠨᠡᠳᠬᠡᠬᠦ᠂ ᠬᠤᠭᠤᠯᠠᠨ ᠬᠡᠷ ᠲᠣᠭᠤᠭᠠᠨ ᠬᠡᠷ ᠤᠨ ᠬᠤᠭ ᠨᠣᠪᠰᠢ ᠶᠢ ᠤᠷᠢᠳᠴᠢᠯᠠᠨ ᠰᠢᠢᠳᠪᠦᠷᠢᠯᠡᠬᠦ᠂ | ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠪᠦᠲᠦᠭᠡᠵᠦ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠶ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠮᠠᠷᠠᠲᠤ ᠤᠷᠤᠨ ᠤ 365网络科技_bat365在线登录_注册送365元可提款 | ᠡᠯᠡᠰᠦ ᠶᠢ ᠰᠡᠷᠭᠡᠶᠢᠯᠡᠬᠦ ᠪᠦᠰᠡ ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ | ᠲᠠᠯ᠎ᠠ ᠨᠤᠲᠤᠭ ᠤᠨ ᠴᠡᠴᠡᠷᠯᠢᠭ ᠤᠨ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ︵ᠵᠢᠷᠭᠤᠭ᠎ᠠ︶ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠯ ᠵᠢᠷᠭᠠᠯᠲᠤ | ᠡᠶ᠎ᠡ ᠵᠣᠬᠢᠴᠠᠩᠭᠤᠢ ᠭᠡᠷ ᠣᠷᠣᠨ ᠢ ᠪᠦᠬᠦ ᠲᠠᠯ᠎ᠠ ᠪᠠᠷ ᠴᠣᠭᠴᠠᠯᠠᠨ ᠪᠠᠶᠢᠭᠤᠯᠤᠨ᠎ᠠ | ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠯᠭᠤᠯᠲᠠ ᠶᠢ | ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ | ᠬᠥᠮᠦᠰ ᠵᠡᠷᠭᠡ ᠭᠤᠤᠯᠳᠠᠯᠭ᠎ᠠ ᠲᠠᠢ ᠬᠠᠮᠲᠤ ᠶᠢᠨ ᠴᠤᠭᠴᠠ ᠶᠢᠨ ᠠᠵᠢᠯ ᠤᠯᠬᠤ ᠶᠢ ᠲᠥᠷᠥᠯ ᠬᠤᠪᠢᠶᠠᠨ ᠪᠠᠲᠤᠯᠠᠵᠤ᠂ | ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ | ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠠᠵᠢᠯᠯᠠᠭ᠎ᠠ ᠪᠠ ᠡᠭᠦᠷᠭᠡ ᠴᠢᠳᠠᠪᠤᠷᠢ ᠪᠤᠯᠤᠨᠤᠷᠠ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ | ᠥᠷᠭᠡᠳᠬᠡᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ ᠦᠢᠯᠡᠰ ᠤᠨ ᠠᠵᠢᠯ | ᠣᠯᠭᠤᠯᠲᠠ ᠶᠢ ᠰᠢᠩᠭᠡᠭᠡᠨ ᠠᠪᠬᠤ ᠶᠢ ᠲᠡᠮᠵᠢᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠪᠠ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠲᠦᠯᠬᠢᠨ ᠠᠬᠢᠭᠤᠯᠤᠨ᠎ᠠ᠃ ᠴᠢᠳᠠᠪᠤᠷᠢᠲᠠᠨ ᠢ ᠣᠷᠢᠨ | ᠣᠷᠣᠭᠤᠯᠬᠤ ᠨᠡᠩ ᠢᠳᠡᠪᠬᠢᠳᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠣ᠂ ᠨᠡᠩ ᠤᠯᠠᠨ ᠴᠢᠳᠠᠪᠤᠷᠢᠲᠠᠨ ᠢ ᠤᠷᠢᠨ | ᠲᠠᠲᠠᠵᠤ ᠡᠷᠢᠶᠡᠨ ᠤ ᠪᠦᠲᠦᠭᠡᠨ ᠪᠠᠶᠢᠭᠤᠯᠣᠯᠳᠠ ᠳᠤ ᠣᠷᠤᠯᠴᠠᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠰᠢᠭᠦᠯᠦᠨᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠯᠠᠪᠳᠠᠭᠤᠨ ᠢᠶᠠᠷ ᠪᠣᠳᠠᠲᠠᠶᠢᠵᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ᠂ | ᠬᠤᠲᠠ ᠳᠤ ᠣᠷᠣᠵᠤ ᠬᠦᠴᠦᠨ ᠤ ᠠᠵᠢᠯ ᠬᠢᠭᠰᠡᠳ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ | ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠲᠥᠷᠥᠯ ᠵᠦᠢᠯ ᠤᠨ ᠬᠥᠮᠦᠰ ᠤᠨ ᠳᠠᠭᠠᠳᠬᠠᠯ ᠳᠤ ᠣᠷᠣᠯᠴᠠᠬᠤ ᠶᠢ | ᠠᠬᠢᠭᠤᠯᠵᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠵᠦ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ ᠵᠡᠷᠭᠡ ᠡᠮᠵᠡᠭ | ᠪᠦᠯᠦᠭᠲᠡᠨ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ | ᠪᠠᠲᠤᠯᠠᠨ᠎ᠠ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠷᠠᠳ ᠲᠤ ᠲᠦᠬᠦᠮ ᠦᠵᠡᠭᠦᠯᠵᠦ ᠨᠠᠰᠤᠲᠠᠶᠢᠴᠤᠳ ᠲᠤ ᠦᠢᠯᠡᠴᠢᠯᠡᠬᠦ 12349 | ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠨᠠᠰᠤᠲᠠᠶᠢᠴᠤᠳ ᠤᠨ ᠥᠪᠡᠷᠮᠢᠴᠡ ᠬᠡᠷᠡᠭᠴᠡᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠩᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠦᠨ᠎ᠡ᠃ ᠤᠶᠢᠷ᠎ᠠ ᠲᠡᠷᠭᠡᠳᠡᠬᠢ ᠬᠠᠮᠤᠭ ᠤᠨ ᠰᠢᠯᠢᠳᠡᠭ ᠰᠤᠷᠭᠠᠨ | ᠬᠥᠮᠦᠵᠢᠯ ᠢ ᠪᠣᠶ ᠪᠣᠯᠭᠠᠬᠤ ᠶᠢᠨ ᠲᠣᠭᠤᠷᠢᠨ ᠳᠤ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠰᠢᠯᠢᠳᠡᠭ ᠢ | ᠰᠤᠩᠭᠤᠨ ᠣᠬᠢ ᠶᠢ ᠨᠢ ᠳᠣᠭᠢᠷᠠᠭᠤᠯᠵᠤ᠂ ︽ᠰᠤᠷᠭᠠᠭᠤᠯᠢ ᠶᠢᠨ ᠤᠷᠢᠨ ᠡᠯᠰᠡᠬᠦ ᠶᠢ ᠬᠤᠳᠠ ᠠᠴᠠ ᠬᠠᠮᠢᠶᠠᠷᠬᠤ︾ | ᠶᠢ ᠬᠡᠷᠡᠭᠵᠢᠭᠦᠯᠵᠦ᠂ ᠪᠠᠴᠢᠮ ᠱᠠᠭᠠᠷᠳᠠᠭᠳᠠᠵᠦ ᠪᠠᠶᠢᠭ᠎ᠠ ᠪᠠᠭᠰᠢ ᠶᠢ ᠣᠷᠣᠭᠤᠯᠤᠨ ᠠᠪᠴᠢᠷᠠᠵᠤ᠂ ︽ᠬᠤᠶᠠᠷ ᠢ | ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠰᠤᠷᠤᠭᠴᠢ ᠶᠢᠨ | ᠢᠷᠡᠯᠳᠡ︾᠂ ︽ᠪᠠᠭᠰᠢ ᠶᠢᠨ ᠢᠷᠡᠯᠳᠡ︾ ᠶᠢᠨ ᠲᠠᠰᠤᠯᠳᠠᠬᠤ ᠶᠢ ᠰᠡᠷᠭᠡᠶᠢᠯᠡᠨ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠷᠢᠶᠡᠨ ᠬᠤᠲᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢ ᠭᠤᠶᠤᠴᠢᠯᠠᠨ ᠪᠠᠶᠢᠭᠤᠯᠬᠤ ᠶᠢ ᠲᠦᠷᠭᠡᠳᠬᠡᠵᠦ᠂ ᠣᠯᠠᠨ ᠤᠯᠤᠰ ᠤᠨ | ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠠᠰᠠᠷ᠂ ᠡᠷᠢᠶᠡᠨ ᠬᠡᠤᠬᠡᠳ ᠤᠨ | ᠴᠡᠴᠡᠷᠯᠢᠭ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ | ᠴᠢᠭ ᠤᠨ ᠡᠭᠦᠷᠭᠡ ᠶᠢ ᠪᠡᠶᠡᠯᠡᠭᠦᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠲᠥᠬᠦᠭᠡᠷᠦᠮᠵᠢ ᠶᠢ ᠲᠠᠰ ᠲᠡᠪᠰᠢᠭᠦᠯᠵᠦ ᠦᠭᠡᠷᠡᠴᠢᠯᠡᠨ ᠰᠢᠨᠡᠳᠬᠡᠬᠦ | ᠢᠨᠵᠧᠨᠧᠷᠢᠩ ᠢ ᠳᠠᠭᠤᠰᠬᠠᠵᠣ᠂ ᠪᠠᠴᠢᠮ ᠱᠠᠭᠠᠷᠳᠠᠭᠳᠠᠵᠦ ᠪᠠᠶᠢᠭ᠎ᠠ ᠡᠮᠴᠢᠯᠡᠭᠡᠨ ᠤ ᠴᠢᠳᠠᠪᠤᠷᠢᠲᠠᠨ ᠢ ᠤᠷᠢᠨ | ᠣᠷᠣᠭᠤᠯᠬᠤ ᠶᠢ ᠲᠦᠷᠭᠡᠳᠭᠡᠨ᠎ᠡ᠃ | ︵ᠳᠣᠯᠤᠭ᠎ᠠ︶ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠳᠣᠳᠬᠠᠨ ᠪᠠᠬᠢᠵᠢᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠲᠤᠭᠤᠷᠢᠨ ᠳᠤ᠂ | ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠪᠦᠷᠢᠨ ᠪᠦᠷᠬᠦᠭᠦᠯᠵᠤ᠂ ᠪᠠᠶᠢᠩᠭᠤᠵᠢᠭᠤᠯᠤᠨ ᠥᠷᠨᠢᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠭᠤᠶᠢᠪᠢᠰᠢ | ᠦᠭᠡᠢ ᠬᠡᠷᠡᠭᠵᠢᠭᠦᠯᠵᠦ᠂ ᠡᠩ ᠤᠨ ᠰᠤᠷᠭᠠᠭᠤᠯᠢ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢ | ᠨᠢᠭᠡ ᠨᠢᠭᠡ ᠶᠢᠨ ᠬᠠᠷᠠᠭᠠᠯᠵᠠᠯ ᠲᠠᠢ ᠬᠠᠪᠰᠤᠷᠴᠤ ᠲᠡᠳᠬᠦᠬᠦ ᠠᠵᠢᠯ ᠢ ᠰᠠᠶᠢᠲᠤᠷ ᠬᠢᠵᠦ᠂ ︽ᠭᠤᠷᠪᠠ ᠠᠴᠠ ᠰᠠᠯᠵᠤ | ᠴᠢᠳᠠᠬᠤ ᠦᠭᠡᠢ︾ ︽ᠲᠠᠪᠤ ᠶᠢ ᠮᠡᠳᠡᠷᠡᠨ ᠵᠥᠪᠰᠢᠶᠡᠷᠡᠬᠦ︾ ᠦᠵᠡᠯ ᠰᠠᠨᠠᠭ᠎ᠠ ᠪᠠ ︽ᠲᠦᠷᠪᠡ ᠶᠢ ᠬᠠᠮᠲᠤᠳᠬᠠᠬᠤ︾ | ᠤᠢᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ | ᠬᠤᠲᠠ ᠶᠢᠨ ᠦᠨᠳᠦᠰᠦᠲᠡᠨ ᠤ ᠠᠵᠢᠯ ᠢ ᠬᠦᠴᠦᠲᠡᠶ ᠠᠳᠬᠤᠵᠤ᠂ ᠬᠠᠷᠢᠯᠴᠠᠨ ᠨᠡᠪᠴᠢᠯᠳᠦᠬᠦ ᠬᠡᠯᠪᠡᠷᠢ ᠶᠢᠨ | ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠵᠡᠷᠭᠡ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠣᠷᠣᠨ᠂ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠦᠨ᠎ᠡ᠃ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢ ᠰᠢᠨᠡᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠵᠠᠰᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠤᠨ ᠨᠠᠷᠢᠯᠢᠭᠵᠢᠭᠤᠯᠣᠭᠰᠠᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠥᠷᠢᠴᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ | ᠴᠢᠩᠭᠠᠳᠬᠠᠵᠤ᠂ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠨ ᠬᠠᠷᠢᠭᠤᠴᠠᠬᠤ ᠲᠦᠷᠢᠮ ᠪᠠ ᠰᠠᠯᠠᠭ᠎ᠠ ᠮᠦᠴᠢᠷ | ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠭ᠎ᠠ ᠶᠢᠨ ︽ᠭᠤᠷᠪᠠᠨ ᠨᠣᠷᠮ᠎ᠠ︾ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠶ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ | ᠴᠢᠩᠭ᠎ᠠ ᠰᠡᠷᠭᠡᠶᠢᠯᠡᠨ᠎ᠡ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠢᠳᠡᠭᠡᠨ ᠤ ᠵᠦᠢᠯ ᠪᠠ ᠡᠮ ᠤᠨ ᠵᠦᠢᠯ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ | ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠲᠡᠰᠤᠷᠡᠯᠳᠡ ᠦᠭᠡᠢ ᠲᠡᠭᠡᠭᠰᠢᠯᠡᠭᠦᠯᠦᠨ᠎ᠡ᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ | ᠬᠠᠤᠯᠢ ᠶᠢᠨ ᠡᠷᠭᠡᠳᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ | ᠢ ᠰᠠᠶᠢᠲᠦᠷ ᠬᠢᠨ᠎ᠡ᠃ ᠨᠡᠶᠢᠭᠡᠮ ᠤᠨ ᠲᠠᠯ᠎ᠠ ᠶᠢᠨ ᠤᠶᠤᠨᠲᠦ ᠠᠮᠤᠷ ᠲᠦᠪᠰᠢᠨ ᠤ ᠰᠡᠷᠭᠡᠶᠢᠯᠡᠯᠲᠡ ᠪᠠ ︽ᠣᠶᠣᠨᠴᠢ | ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠴᠢᠩᠭᠠᠳᠬᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ | ᠡᠪᠳᠡᠯᠡᠭᠡ ᠨᠤᠷᠠᠭᠠᠯᠲᠠ ᠪᠠ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ | ᠰᠡᠷᠭᠡᠶᠢᠯᠡᠨ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ | ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠬᠤ ᠠᠵᠢᠯ ᠢ ᠰᠠᠶᠢᠲᠤᠷ ᠬᠢᠨ᠎ᠠ᠃ | ︵ᠨᠠᠢᠮᠠ︶ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠬᠤᠶᠠᠷ ᠢ | ᠪᠠᠲᠤᠯᠠᠭᠠᠵᠢᠭᠤᠯᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠦᠷᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ︽ᠲᠡᠷᠢᠭᠦᠨ ᠵᠥᠪᠯᠡᠬᠦ | ᠰᠡᠳᠦᠪ︾ ᠤᠨ ᠲᠦᠷᠢᠮ ᠢ ᠡᠷᠡᠰ ᠬᠡᠷᠡᠭᠵᠢᠭᠦᠯᠵᠦ᠂ ︽ᠲᠡᠷᠢᠭᠦᠨ ᠴᠢᠬᠤᠯᠠ ᠵᠦᠢᠯ︾ ᠢ ᠭᠦᠢᠴᠡᠳᠭᠡᠬᠦ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ | ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ ᠶᠢᠨ | ᠠᠵᠢᠯ ᠤᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ ᠶᠢᠨ ᠵᠠᠷᠯᠢᠭ | ᠵᠠᠬᠢᠶ᠎ᠠ᠂ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠵᠠᠰᠠᠭ ᠤᠨ ᠣᠷᠳᠣᠨ ᠠᠴᠠ ᠲᠦᠷᠭᠡᠪᠴᠢᠯᠡᠨ | ᠭᠦᠢᠴᠡᠳᠬᠡᠵᠦ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠶᠢ ᠢᠮᠠᠭᠲᠠ ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ | ᠬᠠᠷᠢᠭᠤᠴᠠᠯᠭ᠎ᠠ ᠪᠠᠨ ᠭᠦᠢᠴᠡᠳᠬᠡᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ | ᠬᠠᠤᠯᠢ ᠪᠠᠷ ᠲᠣᠭᠲᠠᠭᠠᠭᠰᠠᠨ ᠵᠢᠷᠤᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠤᠯᠢ ᠶᠢ | ᠲᠥᠪᠯᠡᠷᠡᠭᠦᠯᠦᠨ ᠰᠤᠷᠤᠯᠴᠠᠬᠤ ᠲᠦᠷᠢᠮ ᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ | ᠬᠡᠪ ᠪᠣᠯᠪᠠᠰᠤᠷᠠᠯ᠂ ᠬᠠᠤᠯᠢ ᠪᠠᠷ ᠵᠠᠰᠠᠬᠤ ᠴᠢᠳᠠᠪᠤᠷᠢ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ | ᠲᠦᠷᠢᠮ︾ ᠢ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠡᠬᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ | ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ | ᠠᠷᠠᠳ ᠤᠨ ᠪᠦᠯᠬᠦᠮ ᠤᠨ ᠬᠠᠷᠢᠯᠴᠠᠭ᠎ᠠ ᠨᠡᠪᠲᠡᠷᠡᠯᠴᠡᠭᠡ ᠪᠠᠨ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠨ᠎ᠡ᠃ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ | ᠰᠢᠰᠲ᠋ᠧᠮ ᠤᠨ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠳᠥᠷᠪᠡᠨ ᠥᠬᠡᠶ ᠬᠤᠶᠠᠷ | ᠰᠢᠭᠤᠳ︾᠂ ᠨᠢᠭᠡᠳᠦᠭᠡᠷ ᠹᠷᠣᠨᠲ ᠲᠤ ᠰᠢᠮᠳᠠᠭᠤᠯᠤᠨ ᠰᠢᠢᠳᠪᠦᠷᠢᠯᠡᠭᠦᠯᠬᠦ᠂ ᠲᠤᠬᠠᠶ ᠶᠢᠨ ᠲᠠᠯᠠᠪᠤᠷ ᠲᠤ ᠠᠵᠢᠯᠯᠠᠬᠤ | ᠵᠡᠷᠭᠡ ᠠᠷᠭ᠎ᠠ ᠮᠠᠶ᠋ᠢᠭ ᠢ ᠠᠪᠴᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ᠂ ᠰᠢᠮᠳᠠᠭᠤᠯᠤᠨ | ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠢ ᠳᠠᠷᠦ᠋ᠢᠬᠠᠨ | ᠭᠦᠢᠴᠡᠳᠭᠡᠬᠦ᠂ ᠥᠨᠳᠥᠷ ᠪᠦᠲᠦᠮᠵᠢᠲᠡᠶ ᠪᠠᠷ ᠭᠦᠢᠴᠡᠳᠭᠡᠬᠦ ᠶᠢ ᠠᠬᠢᠭᠤᠯᠤᠨ᠎ᠠ᠃ ᠥᠨᠳᠥᠷ ᠪᠠᠷᠢᠮᠵᠢᠶ᠎ᠠ᠂ ᠴᠢᠩᠭ᠎ᠠ | ᠱᠠᠭᠠᠷᠳᠠᠯᠭ᠎ᠠ ᠶᠢ ᠪᠠᠷᠢᠮᠲᠠᠯᠠᠵᠤ᠂ ᠵᠥᠷᠢᠴᠡᠯ ᠳᠤ ᠰᠢᠭᠤᠳ ᠬᠠᠨᠳᠤᠬᠤ᠂ ᠠᠶᠤᠯ ᠲᠦᠭᠰᠢᠭᠦᠷᠢ ᠶᠢ ᠠᠷᠭᠠᠴᠠᠬᠤ᠂ | ᠬᠦᠴᠢᠷ ᠠᠰᠠᠭᠤᠳᠠᠯ ᠢ ᠴᠢᠳᠠᠮᠠᠭᠠᠢ ᠪᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠯᠲᠠᠭ ᠡᠷᠢᠵᠦ | ᠬᠠᠷᠢᠭᠤᠴᠠᠯᠭ᠎ᠠ ᠪᠠᠨ ᠲᠦᠯᠬᠢᠬᠦ ᠴᠠᠭ ᠪᠠᠷ ᠢᠶᠠᠨ ᠠᠷᠭ᠎ᠠ ᠰᠦᠪᠡᠭᠴᠢᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ | ᠨᠢᠭᠡ ᠶᠢ ᠲᠣᠭᠲᠠᠭᠠᠪᠠᠯ ᠨᠢᠭᠡ ᠶᠢ ᠠᠳᠬᠤᠨ᠂ ᠵᠤᠷᠪᠤᠰ ᠵᠤᠷᠪᠤᠰ ᠢᠶᠠᠷ ᠪᠡᠶᠡᠯᠡᠭᠦᠯᠵᠦ᠂ ᠨᠢᠭᠡ ᠶᠢ ᠬᠢᠪᠡᠯ ᠨᠢᠭᠡ ᠶᠢ | ᠪᠡᠶᠡᠯᠡᠭᠦᠯᠦᠨ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠰᠢᠨ᠎ᠡ | ᠴᠠᠭ ᠦᠶ᠎ᠡ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠬᠠᠷᠠᠭᠤᠯᠬᠤ ᠬᠡᠷᠡᠭᠲᠡᠢ᠃ | ᠪᠤᠲᠠᠲᠠᠢ ᠶᠢ ᠡᠷᠬᠢᠮᠯᠡᠭᠰᠡᠨ ᠠᠷᠢᠭᠤᠨ ᠴᠢᠬᠡᠴᠢ ᠮᠥᠨ ᠴᠢᠨᠠᠷ ᠢᠶᠠᠨ ᠪᠠᠷᠢᠮᠲᠠᠯᠠᠨ᠎ᠠ᠃ ᠰᠠᠬᠢᠯᠭ᠎ᠠ ᠪᠠᠲᠤ ᠪᠠ ᠶᠣᠰᠣ | ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ | ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠲᠥᠪ ᠬᠤᠷᠢᠶᠠᠨ ᠤ | ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠨ᠎ᠠ᠃ ᠭᠤᠣᠯᠳᠠᠯᠭ᠎ᠠ ᠲᠠᠢ | ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ᠂ ᠴᠢᠬᠤᠯᠠ ᠠᠵᠢᠯ ᠤᠨ ᠪᠠᠶᠢᠷᠢ ᠶᠢᠨ ᠡᠷᠬᠡ ᠶᠢᠨ ᠠᠵᠢᠯᠯᠠᠭᠠᠨ ᠳᠤ | ᠲᠠᠯᠪᠢᠬᠤ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ | ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ | ᠠᠵᠢᠯ ᠢ ᠰᠠᠶᠢᠲᠤᠷ ᠬᠢᠵᠦ᠂ ︽ᠭᠤᠷᠪᠠᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠵᠠᠰᠠᠭ ᠤᠨ ᠣᠷᠳᠣᠨ ᠤ ︽ᠠᠷᠪᠢᠴᠢ ᠭᠠᠮᠲᠠᠶ ᠠᠮᠢᠳᠤᠷᠠᠯ︾ ᠢᠶᠠᠷ ᠤᠯᠠᠨ ᠲᠦᠮᠡᠨ ᠤ ︽ᠰᠠᠶᠢᠨ | ᠰᠠᠶᠢᠬᠠᠨ ᠠᠮᠢᠳᠤᠷᠠᠯ︾ ᠢ ᠰᠣᠯᠢᠵᠤ ᠠᠪᠴᠢᠷᠠᠨ᠎ᠠ᠃ | ᠲᠥᠯᠥᠭᠡᠯᠡᠭᠴᠢᠳ ᠡ᠂ ᠨᠣᠭᠤᠷᠠᠯ ᠪᠦᠲᠦᠷᠢᠯ ᠢ ᠢᠯᠠᠨ ᠳᠠᠪᠠᠵᠣ᠂ ᠬᠦᠴᠢᠷ ᠪᠡᠷᠬᠡ ᠶᠢ ᠳᠣᠭᠤᠯᠣᠨ ᠳᠠᠬᠢᠨ | ᠣᠷᠣᠭᠰᠢᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠠᠭᠤᠣ ᠶᠡᠭᠡ ᠬᠢᠵᠢᠭ ᠲᠠᠢ ᠳᠡᠮᠡᠴᠡᠬᠦ ᠵᠣᠷᠢᠭ ᠰᠠᠨᠠᠭ᠎ᠠ ᠶᠢ ᠣᠯᠠᠮᠵᠢᠯᠠᠨ ᠪᠠᠳᠠᠷᠠᠭᠤᠯᠵᠣ᠂ | ᠨᠦᠰᠡᠷ ᠳᠠᠷᠤᠭᠠᠰᠤ ᠬᠦᠨᠳᠦ ᠡᠭᠦᠷᠭᠡ ᠶᠢ ᠵᠤᠷᠢᠭᠲᠠᠢ ᠡᠭᠦᠷᠭᠡᠯᠡᠨ ᠴᠢᠷᠮᠠᠶᠢᠨ ᠤᠷᠤᠭᠰᠢᠯᠠᠵᠤ᠂ ᠯᠠᠪᠳᠠᠭᠤᠨ ᠪᠠᠲᠤᠲᠠᠢ | ᠴᠢᠷᠮᠠᠶᠢᠨ ᠠᠵᠢᠯᠯᠠᠵᠤ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠳᠦᠭᠡᠨ | ᠪᠠᠶᠢᠭᠤᠯᠬᠤ ᠪᠣᠭᠤᠮᠲᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ︕ | ᠨᠡᠷ᠎ᠡ ᠦᠭᠡ ᠶᠢᠨ ᠲᠠᠶᠢᠯᠪᠤᠷᠢ | 1. ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠮᠥᠩᠭᠦᠨ | ᠭᠦᠢᠯᠬᠡᠬᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ | ᠪᠠᠯᠠ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠂ ᠵᠢᠱᠢᠯᠲᠡ ᠶᠢ | ᠲᠣᠭᠲᠠᠭᠤᠨ ᠪᠠᠶᠢᠯᠭᠠᠬᠤ᠃ | 2. ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ | ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ | ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ᠃ | 3. ︽ᠭᠤᠷᠪᠠᠨ ᠶᠡᠭᠡ ᠪᠣᠭᠤᠮᠲᠠ ᠰᠢᠪᠳᠣᠯᠣᠯᠳᠠ︾᠄ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠪᠣᠭᠤᠮᠲᠠ ᠰᠢᠪᠳᠣᠯᠣᠯᠳᠠ᠂ ᠨᠠᠷᠢᠯᠢᠭ ᠣᠨᠤᠪᠴᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠣᠯᠣᠯᠳᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠳᠣᠯᠣᠯᠳᠠ᠃ | 4. ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠳᠣᠯᠠᠬᠤ︾᠄ ᠢᠳᠡᠬᠦ ᠳᠤ ᠵᠣᠪᠠᠭ᠋ᠤ ᠦᠭᠡᠢ᠂ ᠡᠮᠦᠰᠬᠦ ᠳᠤ | ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ | ᠠᠮᠤᠷ ᠲᠦᠪᠰᠢᠨ ᠢ ᠪᠠᠳᠣᠯᠠᠬᠤ᠃ | 5. ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠠᠬᠤᠶᠢᠯᠠᠯ᠄ ᠠᠵᠤ ᠦᠢᠯᠡᠰ ᠤᠨ | ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ᠂ ᠲᠤᠬᠠᠶ ᠶᠢᠨ ᠭᠠᠵᠠᠷ ᠤᠨ ᠪᠠᠶᠢᠷᠢᠯᠠᠭᠤᠯᠤᠯᠲᠠ ᠶᠢᠨ | ᠲᠥᠯᠥᠪᠵᠢᠭᠦᠯᠭᠡ ᠳᠤ ᠨᠡᠶᠢᠴᠡᠬᠦ ᠥᠬᠡᠶ᠂ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠭᠡᠭᠰᠡᠨ ᠥᠬᠡᠶ | ᠂ ᠭᠠᠳᠠᠭᠰᠢᠯᠠᠭᠤᠯᠬᠤ ᠪᠠᠷᠢᠮᠵᠢᠶ᠎ᠠ ᠳᠤ ᠲᠣᠭᠲᠠᠭᠤᠨ ᠢᠶᠠᠷ ᠬᠦᠷᠴᠦ ᠳᠡᠶᠢᠯᠬᠦ ᠦᠭᠡᠢ ᠪᠤᠶᠤ ᠵᠠᠰᠠᠬᠤ ᠪᠣᠯᠤᠮᠵᠢ ᠥᠬᠡᠶ | ᠠᠵᠤ ᠠᠬᠤᠶᠢᠯᠠᠯ᠃ | 6. ︽ᠵᠢᠷᠭᠤᠭᠠᠨ ᠶᠡᠭᠡ ᠪᠣᠭᠤᠮᠲᠠ ᠰᠢᠪᠳᠣᠯᠣᠯᠳᠠ︾᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠪᠣᠭᠤᠮᠲᠠ ᠰᠢᠪᠳᠣᠯᠣᠯᠳᠠ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠤᠨ ᠪᠣᠭᠤᠮᠲᠠ ᠰᠢᠪᠳᠣᠯᠣᠯᠳᠠ᠂ ᠵᠠᠮ ᠡᠵᠡᠯᠡᠨ | ᠡᠵᠡᠩᠨᠡᠬᠦ ᠪᠣᠭᠤᠮᠲᠠ ᠰᠢᠪᠳᠣᠯᠣᠯᠳᠠ᠂ ᠪᠠᠷᠢᠯᠭ᠎ᠠ ᠶᠢᠨ ᠭᠠᠵᠠᠷ ᠤᠨ ᠪᠣᠭᠤᠮᠲᠠ ᠰᠢᠪᠳᠣᠯᠣᠯᠳᠠ᠂ ᠬᠤᠭ ᠨᠣᠪᠰᠢ ᠶᠢ | ᠴᠡᠪᠡᠷᠯᠡᠨ ᠲᠡᠭᠡᠭᠡᠪᠦᠷᠢᠯᠡᠬᠦ ᠪᠣᠭᠤᠮᠲᠠ ᠰᠢᠪᠳᠣᠯᠣᠯᠳᠠ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠪᠣᠭᠤᠮᠲᠠ | ᠰᠢᠪᠳᠣᠯᠣᠯᠳᠠ᠃ | 7. ︽ᠨᠠᠢᠮᠠᠨ ᠲᠦᠷᠦᠯ ᠤᠨ ᠴᠡᠭᠴᠡᠯᠡᠯᠲᠡ︾᠄ ᠲᠡᠨᠦᠭᠦᠯ ᠨᠣᠬᠠᠶ ᠶᠢ ᠴᠡᠭᠴᠡᠯᠡᠨ ᠵᠠᠰᠠᠬᠤ᠂ ᠨᠡᠭᠦᠳᠡᠯ | ᠬᠤᠳᠠᠯᠳᠤᠭᠠᠴᠢᠨ ᠢ ᠴᠡᠭᠴᠡᠯᠡᠨ ᠵᠠᠰᠠᠬᠤ᠂ ᠲᠣᠮᠣ ᠬᠡᠯᠪᠡᠷᠢ ᠶᠢᠨ ᠲᠡᠷᠭᠡ ᠶᠢ ᠴᠡᠭᠴᠡᠯᠡᠨ ᠵᠠᠰᠠᠬᠤ᠂ ᠲᠦᠷᠢᠮ ᠠᠴᠠ | ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ᠂ ︽ᠠᠭᠠᠯᠵᠢᠨ ᠲᠤᠤᠷ︾ ᠢ ᠴᠡᠭᠴᠡᠯᠡᠨ ᠵᠠᠰᠠᠬᠤ᠂ ᠬᠤᠲᠠ | ᠬᠥᠳᠡᠭᠡ ᠶᠢᠨ ᠠᠭᠤᠯᠵᠠᠷ ᠬᠡᠰᠡᠭ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ | ᠴᠡᠭᠴᠡᠯᠡᠨ ᠵᠠᠰᠠᠬᠤ᠂ ︽ᠵᠢᠷᠭᠤᠭᠠᠨ ᠵᠢᠵᠢᠭ︾ ᠠᠵᠢᠯ ᠲᠥᠷᠥᠯ ᠢ ᠴᠡᠭᠴᠡᠯᠡᠨ ᠵᠠᠰᠠᠬᠤ ︵ᠦᠰᠦ ᠵᠠᠰᠠᠬᠤ ᠵᠢᠵᠢᠭ | ᠳᠡᠯᠭᠡᠭᠦᠷ᠂ ᠵᠢᠵᠢᠭ ᠤᠬᠢᠶᠠᠯᠭ᠎ᠠ ᠶᠢᠨ ᠭᠠᠵᠠᠷ᠂ ᠵᠢᠵᠢᠭ ᠢᠳᠡᠭᠡᠨ ᠤᠮᠳᠠᠭᠠᠨ᠂ ᠵᠢᠵᠢᠭ ᠢᠳᠡᠭᠡᠨ ᠪᠣᠯᠪᠠᠰᠤᠷᠠᠭᠤᠯᠬᠤ᠂ | ᠵᠢᠵᠢᠭ ᠪᠠᠭᠤᠳᠠᠯ᠂ ᠵᠢᠵᠢᠭ ᠳᠠᠭᠤᠤ ᠪᠥᠵᠢᠭ ᠤᠨ ᠲᠢᠩᠬᠢᠮ︶᠃ | 8. ︽ᠲᠠᠪᠤᠨ ᠵᠦᠢᠯ ᠤᠨ ᠬᠠᠮᠢᠶᠠᠷᠤᠯᠲᠠ︾᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ᠂ | ᠤᠨᠲᠠᠯᠭ᠎ᠠ᠂ ᠭᠠᠷ ᠤᠲᠠᠰᠤ᠂ ᠤᠩᠰᠢᠬᠤ ᠪᠢᠴᠢᠭ᠂ ᠪᠡᠶ᠎ᠡ ᠮᠠᠬᠠᠪᠣᠳ ᠤᠨ ᠬᠠᠮᠢᠶᠠᠷᠤᠯᠲᠠ ᠶᠢ ᠴᠢᠩᠭᠠᠳᠬᠠᠨ᠎ᠠ᠃ | 9. ︽ᠬᠤᠶᠠᠷ ᠢ ᠬᠦᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ | ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ | ᠬᠥᠩᠭᠡᠷᠡᠭᠦᠯᠦᠨ᠎ᠡ᠃ | 10. ︽ᠳᠥᠷᠪᠡᠨ 100 %︾ ᠶᠢᠨ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ᠄ ᠰᠤᠷᠭᠠᠭᠤᠯᠢ ᠶᠢᠨ | ᠬᠦᠷᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠲᠤᠰᠬᠠᠶ ᠲᠤᠰᠢᠶᠠᠯᠲᠤ | ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ᠂ ᠨᠢᠭᠡ ᠳᠠᠷᠤᠪᠴᠢᠲᠤ ᠴᠠᠭᠳᠠᠭ᠎ᠠ ᠳᠤ ᠮᠡᠳᠡᠭᠦᠯᠬᠦ ᠵᠢᠴᠢ | ᠬᠠᠷᠠᠭᠠᠨ ᠳᠠᠪᠲᠠᠮᠵᠢ ᠶᠢᠨ ᠸᠢᠳᠢᠣ᠋ ᠬᠢᠨᠠᠨ ᠡᠵᠡᠮᠳᠡᠬᠦ ᠰᠢᠰᠲ᠋ᠧᠮ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ︽ | ᠰᠤᠷᠤᠭᠴᠢᠳ ᠢ ᠬᠦᠷᠭᠡᠬᠦ ᠪᠠ ᠲᠤᠰᠠᠬᠤ ᠠᠮᠦᠷ ᠲᠦᠪᠰᠢᠨ ᠢ ᠬᠠᠮᠠᠭᠠᠯᠠᠬᠤ ᠠᠵᠢᠯ ᠤᠨ ᠪᠠᠶᠢᠷᠢ︾ ᠶᠢᠨ | ᠲᠣᠬᠢᠷᠠᠭᠤᠯᠤᠯᠲᠠ ᠶᠢᠨ ᠨᠣᠷᠮ᠎ᠠ ᠨᠢ ᠴᠥᠮ 100 % ᠬᠦᠷᠬᠦ ᠬᠡᠷᠡᠭᠲᠡᠢ᠃ | 11. ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠ ᠦᠭᠡᠶ︾ ᠬᠤᠲᠠ᠄ ᠱᠠᠳᠣ ᠠᠯᠣᠰᠯᠠᠨ | ᠪᠡᠭᠡᠵᠢᠩ ᠳᠤ ᠬᠦᠷᠦᠭᠰᠡᠨ ᠵᠠᠬᠢᠳᠠᠯ ᠰᠣᠷᠪᠣᠯᠵᠢᠯᠠᠭ᠎ᠠ ᠦᠭᠡᠶ᠂ ᠶᠡᠭᠡ ᠬᠡᠪᠴᠢᠶᠡᠨ ᠤ ᠲᠦᠪᠯᠡᠷᠡᠭᠰᠡᠨ ᠵᠠᠬᠢᠳᠠᠯ | ᠰᠣᠷᠪᠣᠯᠵᠢᠯᠠᠭ᠎ᠠ ᠦᠭᠡᠶ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠠᠴᠠ ᠡᠭᠦᠰᠦᠭᠰᠡᠨ ᠲᠦᠢᠯ ᠤᠨ ᠨᠣᠴᠢᠳᠠᠢ | ᠬᠡᠷᠡᠭ ᠪᠠ ᠶᠠᠷᠢᠶ᠎ᠠ ᠬᠡᠯᠡᠯᠴᠡᠭᠡᠨ ᠤ ᠨᠠᠵᠠᠭᠠᠶ ᠲᠠᠯ᠎ᠠ ᠶᠢᠨ ᠬᠥᠭᠡᠷᠭᠡᠳᠡᠯ ᠦᠭᠡᠢ᠃ | 12. ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ᠄ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠢᠭᠡ ᠴᠤᠭᠴᠠᠵᠢᠭᠤᠯᠬᠤ᠃ | 13. ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠄ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠥᠬᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠃ | 14. ︽ᠲᠠᠪᠤᠨ ᠡᠷᠬᠡᠪᠰᠢ︾᠄ ᠬᠥᠭᠵᠢᠯᠲᠡ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠨᠥᠬᠦᠴᠡᠯ ᠬᠡᠷᠬᠢᠨ | ᠬᠤᠪᠢᠷᠠᠭᠰᠠᠨ ᠴᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠠᠵᠤ ᠠᠬᠤᠢ ᠶᠢᠨ | ᠨᠡᠮᠡᠭᠳᠡᠯ ᠢ ᠰᠣᠯᠢᠵᠤ ᠠᠪᠴᠢᠷᠠᠬᠤ ᠣᠬᠤᠷ ᠬᠠᠷᠠᠭᠠᠨ ᠤ ᠠᠷᠭ᠎ᠠ ᠬᠢᠳᠡᠯ ᠢ ᠡᠷᠬᠡᠪᠰᠢ ᠲᠦᠢᠯᠪᠤᠷᠢᠲᠠᠢ ᠲᠠᠶᠠᠭᠳᠠᠵᠤ᠂ | ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠬᠢ ᠪᠠᠶᠠᠯᠢᠭ ᠤᠨ ᠬᠤᠷᠣᠭᠳᠠᠯ ᠢᠶᠠᠷ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠵᠣᠬᠢᠰ ᠦᠭᠡᠢ ᠠᠷᠭ᠎ᠠ ᠬᠢᠳᠡᠯ ᠢ ᠡᠷᠬᠡᠪᠰᠢ ᠲᠠᠶᠠᠭᠳᠠᠵᠤ᠂ ᠡᠨᠧᠷᠭᠢ ᠶᠢᠨ ᠬᠤᠷᠣᠭᠳᠠᠯ ᠶᠡᠭᠡ᠂ | ᠭᠠᠳᠠᠭᠰᠢᠯᠠᠭᠤᠯᠤᠯᠲᠠ ᠶᠡᠭᠡ ᠲᠥᠷᠥᠯ ᠵᠦᠢᠯ ᠢ ᠡᠷᠬᠡᠪᠰᠢ ᠴᠢᠩᠭ᠎ᠠ ᠡᠵᠡᠮᠳᠡᠵᠦ᠂ ᠬᠤᠴᠣᠷᠤᠩᠭᠤᠢ ᠪᠠ ᠢᠯᠡᠭᠦᠳᠡᠯ | ᠦᠢᠯᠡᠳᠪᠦᠷᠢᠯᠡᠯ ᠤᠨ ᠴᠢᠳᠠᠪᠤᠷᠢ ᠶᠢ ᠡᠷᠬᠡᠪᠰᠢ ᠡᠷᠡᠰ ᠰᠢᠭᠰᠢᠨ ᠲᠠᠶᠠᠭᠳᠠᠵᠤ᠂ ᠬᠡᠷᠡᠭᠯᠡᠵᠦ ᠪᠣᠯᠬᠤ ᠡᠳ᠋ ᠤᠨ | ᠬᠦᠴᠦᠨ ᠢ ᠦᠯᠦ ᠬᠠᠶᠢᠬᠤᠷᠤᠨ ᠬᠡᠲᠦᠷᠬᠡᠢ ᠥᠷᠢ ᠲᠠᠯᠪᠢᠵᠤ ᠪᠦᠲᠦᠭᠡᠨ ᠪᠠᠶᠢᠭᠤᠯᠤᠯᠲᠠ ᠬᠢᠬᠦ᠂ ᠠᠵᠤ ᠦᠢᠯᠡᠰ ᠤᠨ | ᠰᠠᠭᠤᠷᠢ ᠶᠢ ᠦᠯᠦ ᠬᠠᠶᠢᠬᠤᠷᠤᠨ ᠰᠣᠬᠤᠷ ᠪᠠᠯᠠᠢ ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠲᠦᠭᠡᠨ | ᠪᠠᠶᠢᠭᠤᠯᠬᠤ ᠠᠵᠢᠯᠯᠠᠭ᠎ᠠ ᠶᠢ ᠡᠷᠬᠡᠪᠰᠢ ᠡᠷᠡᠰ ᠲᠡᠪᠴᠢᠨ᠎ᠡ᠃ | 15. ︽ᠭᠤᠷᠪᠠ ᠶᠢ ᠬᠤᠪᠢᠷᠠᠭᠤᠯᠬᠤ︾᠄ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ | ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠰᠢ ᠬᠤᠪᠢᠷᠠᠭᠤᠯᠬᠤ᠂ ᠪᠦᠳᠦᠭᠦᠯᠢᠭ | ᠪᠦᠭᠡᠳ ᠦᠨᠳᠦᠷ ᠨᠡᠭᠦᠷᠡᠰᠦᠳᠦ᠋ᠷᠦᠭᠴᠢᠳᠣ ᠬᠡᠯᠪᠡᠷᠢ ᠠᠴᠠ ᠪᠣᠬᠢᠷᠲᠤᠯ ᠦᠭᠡᠢ ᠪᠦᠭᠡᠳ ᠳᠣᠣᠷ᠎ᠠ | ᠨᠡᠭᠦᠰᠦᠳᠦᠷᠦᠭᠴᠢᠲᠦ ᠬᠡᠯᠪᠡᠷᠢ ᠲᠡᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠪᠦᠭᠡᠳ ᠦᠷ᠎ᠡ ᠠᠰᠢᠭ ᠳᠣᠣᠷ᠎ᠠ | ᠬᠡᠯᠪᠡᠷᠢ ᠠᠴᠠ ᠡᠷᠴᠢᠮᠡᠯᠢᠭ ᠪᠦᠭᠡᠳ ᠦᠨᠳᠦᠷ ᠦᠷ᠎ᠡ ᠠᠰᠢᠭ ᠲᠠᠢ ᠲᠡᠰᠢ ᠬᠤᠪᠢᠷᠠᠭᠤᠯᠬᠤ ᠶᠢ ᠬᠦᠴᠦᠯᠡᠨ | ᠠᠬᠢᠭᠤᠯᠤᠨ᠎ᠠ᠃ | 16. ᠨᠡᠭᠦᠷᠡᠰᠦᠲᠥ᠋ᠷᠥᠭᠴᠢ ᠶᠢᠨ ᠣᠷᠭᠢᠯ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠄ ᠮᠠᠨ ᠤ ᠤᠯᠤᠰ 2030 | ᠣᠨ ᠠᠴᠠ ᠡᠮᠦᠨ᠎ᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠳᠠᠬᠢᠨ | ᠨᠡᠮᠡᠭᠳᠡᠭᠦᠯᠬᠦ ᠥᠬᠡᠶ᠂ ᠣᠷᠭᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠪᠠᠭᠤᠷᠠᠭᠤᠯᠤᠨ᠎ᠠ | ᠭᠡᠵᠦ ᠠᠮᠠᠯᠳᠠᠪᠠ︔ ᠠᠵᠤ ᠠᠬᠤᠶᠢᠯᠠᠯ᠂ ᠪᠦᠯᠬᠦᠮ ᠪᠤᠶᠤ ᠬᠤᠪᠢ ᠬᠥᠮᠦᠨ ᠵᠣᠬᠢᠬᠤ ᠴᠠᠭ ᠬᠤᠭᠤᠴᠠᠭᠠᠨ ᠤ | ᠳᠣᠲᠣᠷ᠎ᠠ ᠰᠢᠭᠤᠳ ᠪᠤᠶᠤ ᠳᠠᠮ ᠢᠶᠠᠷ ᠪᠣᠶ ᠪᠣᠯᠤᠭᠰᠠᠨ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢᠨ | ᠶᠡᠷᠦᠩᠬᠡᠶ ᠬᠡᠮᠵᠢᠶ᠎ᠡ ᠶᠢ ᠲᠥᠰᠦᠭᠡᠯᠡᠨ ᠪᠤᠳᠤᠭᠰᠠᠨ ᠤ ᠳᠠᠷᠠᠭ᠎ᠠ᠂ ᠤᠷᠭᠤᠮᠠᠯ ᠬᠤᠴᠢᠯᠭ᠎ᠠ ᠶᠢ ᠨᠡᠮᠡᠭᠳᠡᠭᠦᠯᠬᠦ ᠮᠣᠳᠣ | ᠳᠠᠷᠢᠵᠤ ᠣᠶᠢᠵᠢᠭᠤᠯᠬᠤ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰ ᠪᠡᠶ᠎ᠡ ᠶᠢᠨ ᠪᠣᠶ ᠪᠣᠯᠭᠠᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ︽ᠭᠠᠳᠠᠭᠰᠢᠯᠠᠭᠤᠯᠤᠯᠲᠠ ᠥᠬᠡᠶ︾ ᠪᠠᠶᠢᠬᠤ ᠶᠢ ᠪᠡᠶᠡᠯᠡᠭᠦᠯᠦᠨ᠎ᠡ᠃ | 17. ︽ᠭᠤᠷᠪᠠᠨ ᠣᠷᠣᠨ ᠵᠠᠢ ᠭᠤᠷᠪᠠᠨ ᠱᠤᠭᠤᠮ︾᠄ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ | ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠥᠷᠥᠯ ᠤᠨ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠲᠠᠷᠢᠶᠠᠨ ᠭᠠᠵᠠᠷ᠂ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ᠃ | 18. ︽ᠲᠤᠯᠤᠭᠠᠨ ᠶᠡᠭᠡ ᠲᠥᠷᠥ ᠶᠢᠨ ᠪᠣᠳᠣᠯᠭ᠎ᠠ ᠶᠢᠨ ᠬᠠᠨᠳᠤᠰᠢ︾᠄ ᠬᠤᠷᠸ᠎ᠠ ᠲᠥᠷᠥ ᠶᠢᠨ ᠪᠣᠳᠣᠯᠭ᠎ᠠ ᠨᠢ | ᠯᠠᠪᠳᠠᠭᠤᠨ ᠪᠥᠭᠡᠳ ᠪᠦᠲᠦᠮᠵᠢᠲᠡᠶ᠂ ᠬᠤᠮᠠᠬᠢ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠦᠲᠦᠴᠡ ᠶᠢᠨ ᠲᠥᠷᠥ ᠶᠢᠨ ᠪᠣᠳᠣᠯᠭ᠎ᠠ | ᠨᠢ ᠤᠯᠤᠰ ᠠᠷᠠᠳ ᠤᠨ ᠠᠵᠤ ᠠᠬᠤᠶ ᠶᠢᠨ ᠣᠷᠴᠢᠯ ᠢ ᠰᠢᠯᠤᠭᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥ ᠶᠢᠨ ᠪᠣᠳᠣᠯᠭ᠎ᠠ ᠨᠢ ᠯᠠᠪᠳᠠᠭᠤᠨ ᠪᠠᠲᠤᠲᠠᠶ ᠪᠣᠳᠠᠳᠠᠶᠢᠵᠢᠨ ᠨᠠᠶᠢᠳᠠᠪᠣᠷᠢᠯᠢᠭᠳᠠᠵᠣ᠂ ᠥᠭᠡᠷᠡᠴᠢᠯᠡᠯᠲᠡ | ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ | ᠪᠦᠰᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠲᠡᠩᠴᠡᠭᠦᠷᠢᠲᠦ ᠴᠢᠨᠠᠷ ᠵᠣᠬᠢᠴᠠᠩᠭᠤᠶ ᠴᠢᠨᠠᠷ ᠢ | ᠴᠢᠩᠭᠠᠳᠬᠠᠵᠤ᠂ ᠨᠡᠶᠢᠭᠡᠮ ᠤᠨ ᠲᠥᠷᠥ ᠶᠢᠨ ᠪᠣᠳᠣᠯᠭ᠎ᠠ ᠨᠢ ᠠᠷᠠᠳ ᠤᠨ ᠦᠨᠳᠦᠰᠦᠨ ᠠᠮᠢᠳᠤᠷᠠᠯ ᠢ ᠪᠠᠳᠣᠯᠠᠨ | ᠰᠠᠶᠢᠵᠢᠷᠠᠭᠤᠯᠣᠨ᠎ᠠ᠃ | 19. ︽ᠲᠠᠪᠤ ᠢ ᠵᠦᠪ ᠣᠨᠤᠪᠴᠢᠲᠠᠢ ᠲᠠᠨᠢᠨ ᠡᠵᠡᠮᠰᠢᠬᠦ︾᠄ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠦᠢᠯᠡᠳᠦᠯᠭᠡ ᠶᠢᠨ ᠠᠷᠭ᠎ᠠ ᠵᠠᠮ ᠢ ᠵᠥᠪ ᠣᠨᠤᠪᠴᠢᠲᠠᠢ ᠲᠠᠨᠢᠨ | ᠡᠵᠡᠮᠰᠢᠵᠦ᠂ ᠬᠥᠷᠥᠩᠭᠡ ᠶᠢᠨ ᠥᠪᠡᠷᠮᠢᠴᠡ ᠴᠢᠨᠠᠷ ᠪᠠ ᠦᠢᠯᠡ ᠠᠵᠢᠯᠯᠠᠭ᠎ᠠ ᠶᠢᠨ ᠵᠢᠮ᠎ᠡ ᠶᠣᠰᠣ ᠶᠢ ᠵᠥᠪ | ᠣᠨᠤᠪᠴᠢᠲᠠᠢ ᠲᠠᠨᠢᠨ ᠡᠵᠡᠮᠰᠢᠵᠦ᠂ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠪᠠᠲᠤᠯᠠᠭ᠎ᠠ ᠶᠢ ᠵᠥᠪ ᠣᠨᠤᠪᠴᠢᠲᠠᠢ | ᠲᠠᠨᠢᠨ ᠡᠵᠡᠮᠰᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠵᠥᠪ ᠣᠨᠤᠪᠴᠢᠲᠠᠢ ᠲᠠᠨᠢᠨ ᠡᠵᠡᠮᠰᠢᠵᠣ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠬᠤ ᠶᠢ ᠵᠥᠪ ᠣᠨᠤᠪᠴᠢᠲᠠᠢ ᠲᠠᠨᠢᠵᠤ ᠡᠵᠡᠮᠰᠢᠨ᠎ᠡ᠃ | 20. ︽ᠬᠤᠶᠠᠷ ᠪᠣᠭᠤᠮᠲᠠ᠂ 14 ᠴᠢᠭ︾᠄ ᠲᠡᠮᠦᠷ ᠵᠠᠮ᠂ ᠵᠠᠰᠠᠮᠠᠯ ᠵᠠᠮ ᠤᠨ ᠪᠣᠭᠤᠮᠲᠠ︔ ᠬᠥᠬᠡᠬᠤᠲᠠ ᠶᠢᠨ | ᠲᠡᠮᠦᠷ ᠵᠠᠮ ᠤᠨ ᠪᠦᠯᠦᠭᠯᠡᠯ ᠤᠨ ᠭᠠᠳᠠᠭᠠᠳᠤ ᠠᠵᠤ ᠠᠬᠤᠢ ᠠᠷᠠᠯᠵᠢᠶᠠᠨ ᠤ ᠺᠤᠮᠫᠠᠨᠢ ᠶᠢᠨ ᠡᠷᠢᠶᠡᠨ ᠳᠠᠬᠢ ᠬᠤᠪᠢᠶᠠᠷᠢ | ᠺᠣᠮᠫᠠᠨᠢ ᠶᠢᠨ ᠠᠵᠢᠯᠯᠠᠬᠤ ᠲᠣᠭᠤᠷᠢᠭ ︵ᠬᠦᠳᠡᠷ᠂ ᠮᠣᠳᠣᠨ ᠮᠠᠲ᠋ᠧᠷᠢᠶᠠᠯ᠂ ᠴᠢᠩᠭᠡᠯᠢᠭ ᠢᠶᠠᠷ ᠠᠵᠢᠯᠯᠠᠬᠤ ᠲᠣᠭᠤᠷᠢᠭ︶ | ᠂ ᠡᠷᠢᠶᠡᠨ ᠬᠤᠲᠠ ᠶᠢᠨ ᠷᠦ ᠢ ᠺᠣᠮᠫᠠᠨᠢ ᠶᠢᠨ ᠠᠵᠢᠯᠯᠠᠬᠤ ᠲᠣᠭᠤᠷᠢᠭ᠂ ᠡᠷᠢᠶᠡᠨ ᠤ ᠶᠦᠩ ᠬᠤᠶ ᠺᠣᠮᠫᠠᠨᠢ ᠶᠢᠨ | ᠠᠵᠢᠯᠯᠠᠬᠤ ᠲᠣᠭᠤᠷᠢᠭ᠂ ᠵᠢᠶᠠ ᠾᠧ ᠺᠣᠮᠫᠠᠨᠢ ᠶᠢᠨ ᠠᠵᠢᠯᠯᠠᠬᠤ ᠲᠣᠭᠤᠷᠢᠭ᠂ ᠡᠷᠢᠶᠡᠨ ᠥᠷᠲᠡᠭᠡ ᠶᠢᠨ | ᠮᠠᠰᠢᠨᠴᠢᠯᠠᠭᠰᠠᠨ ᠲᠣᠭᠤᠷᠢᠭ ᠤᠨ ᠬᠥᠮᠦᠨ ᠤ ᠬᠦᠴᠦᠨ ᠤ ᠲᠣᠭᠤᠷᠢᠭ᠂ ᠬᠤᠤ ᠲᠦᠩ ᠺᠣᠮᠫᠠᠨᠢ ᠶᠢᠨ ᠠᠵᠢᠯᠯᠠᠬᠤ | ᠲᠣᠭᠤᠷᠢᠭ᠂ ᠬᠢᠯᠢ ᠶᠢᠨ ᠪᠠᠶᠢᠴᠠᠭᠠᠯᠲᠠ ᠶᠢᠨ ᠲᠠᠯᠠᠪᠠᠶ ᠶᠢᠨ ᠠᠵᠢᠯᠯᠠᠬᠤ ᠲᠣᠭᠤᠷᠢᠭ᠂ ᠭᠠᠯᠲᠤ ᠲᠡᠷᠭᠡᠨ | ᠦᠢᠯᠡᠴᠢᠯᠡᠭᠴᠢᠳ ᠤᠨ ᠨᠡᠶᠢᠲᠡ ᠶᠢᠨ ᠪᠠᠶᠢᠷᠢ᠂ ᠭᠡᠷᠯᠡᠭᠡ ᠦᠭᠡᠢ ᠠᠵᠢᠯᠲᠠᠳ ᠤᠨ ᠨᠡᠶᠢᠲᠡ ᠶᠢᠨ ᠪᠠᠶᠢᠷᠢ᠂ ᠬᠤᠸᠠᠨ | ᠢᠦᠶ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠤᠶ ᠲᠦᠩ ᠪᠠᠷᠠᠭᠠᠨ ᠭᠦᠢᠯᠭᠡᠭᠡᠨ ᠤ ᠬᠦᠷᠢᠶᠡᠯᠡᠩ᠂ ᠬᠤᠤ ᠭᠠᠩ | ᠪᠠᠷᠠᠭᠠᠨ ᠭᠦᠢᠯᠭᠡᠭᠡᠨ ᠤ ᠬᠦᠷᠢᠶᠡᠯᠡᠩ᠃ | 21. ︽ᠬᠦᠷᠢᠶᠡᠯᠡᠬᠦ᠂ ᠬᠠᠮᠢᠶᠠᠷᠬᠤ᠂ ᠬᠡᠮᠵᠢᠬᠦ᠂ ᠠᠷᠢᠭᠤᠳᠬᠠᠬᠤ᠂ ᠪᠣᠯᠪᠠᠰᠤᠷᠠᠭᠤᠯᠬᠤ᠂ ᠥᠭᠡᠷᠡᠴᠢᠯᠡᠬᠦ︾᠄ | ᠪᠣᠭᠤᠮᠲᠠ ᠶᠢᠨ ᠪᠢᠲᠡᠭᠦᠮᠵᠢᠯᠡᠨ ᠬᠠᠮᠢᠶᠠᠷᠬᠤ ᠬᠡᠪᠴᠢᠶ᠎ᠡ ᠬᠤᠪᠢᠶᠠᠷᠢᠯᠠᠨ ᠲᠣᠭᠲᠠᠭᠠᠵᠤ᠂ ︽N + 7 + 7︾ | ᠬᠠᠮᠢᠶᠠᠷᠤᠯᠲᠠ ᠶᠢᠨ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠤᠨ᠂ ᠪᠣᠭᠤᠮᠲᠠ ᠶᠢᠨ ᠠᠵᠢᠯᠯᠠᠬᠤ ᠲᠣᠭᠤᠷᠢᠭ ᠤᠨ | ᠬᠥᠮᠦᠨ᠂ ᠲᠡᠷᠭᠡ᠂ ᠪᠣᠳᠠᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ | ᠂ ᠠᠷᠢᠭᠤᠳᠬᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠬᠥᠮᠦᠰ ᠤᠨ | ᠬᠢᠵᠢᠭ ᠢ ᠰᠡᠷᠭᠡᠶᠢᠯᠡᠬᠦ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠴᠢᠩᠭᠠᠷᠠᠭᠤᠯᠵᠤ᠂ ᠣᠲᠣ ᠶᠢᠨ ᠪᠣᠭᠤᠮᠲᠠ | ᠨᠡᠪᠳᠡᠷᠡᠯᠳᠡ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠎ᠡ᠃ | 22. ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠄ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ | ᠬᠥᠮᠦᠨ ᠤ ᠬᠠᠷᠢᠭᠤᠴᠠᠯᠭ᠎ᠠ᠃ | 23. ︽ᠳᠥᠷᠪᠡᠨ ᠡᠷᠲᠡ︾᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ | ᠵᠠᠰᠠᠬᠤ᠃ | 24. ︽ᠳᠥᠷᠪᠡᠨ ᠲᠥᠷᠥᠯ ᠤᠨ ᠡᠮ︾᠄ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ | ᠡᠰᠡᠷᠭᠦᠴᠡᠬᠦ᠂ ᠪᠠᠺᠲ᠋ᠧᠷᠢ ᠶᠢ ᠡᠰᠡᠷᠭᠦᠴᠡᠬᠦ ᠡᠮ᠃ | 25. ︽ᠰᠤᠷᠭᠠᠭᠤᠯᠢ ᠶᠢᠨ ᠣᠷᠢᠨ ᠡᠯᠰᠡᠬᠦ ᠶᠢ ᠬᠤᠲᠠ ᠠᠴᠠ ᠬᠠᠮᠢᠶᠠᠷᠬᠤ︾᠄ ᠠᠯᠪᠠᠨ ᠠᠴᠠ ᠡᠷᠭᠢᠯᠡᠭᠰᠡᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠪᠠ ᠰᠤᠷᠭᠠᠭᠤᠯᠢ ᠶᠢᠨ ᠵᠠᠬᠢᠷᠤᠯ ᠳᠤ ᠴᠥᠮ | ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ ᠢᠯᠠᠩᠭᠤᠶ᠎ᠠ | ᠨᠢᠭᠡᠳᠦᠯᠲᠡᠶ ᠪᠠᠷ ᠲᠣᠭᠲᠠᠮᠠᠯ ᠬᠤᠭᠤᠴᠠᠭ᠎ᠠ ᠲᠠᠢ ᠪᠠᠷ ᠬᠤᠲᠠ ᠶᠢᠨ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠠᠯᠪᠠᠳᠠᠯᠭ᠎ᠠ ᠪᠠᠷ ᠰᠢᠯᠵᠢᠭᠦᠯᠦᠨ ᠬᠡᠷᠡᠭᠯᠡᠵᠦ᠂ ᠪᠠᠭᠰᠢ ᠪᠠ ᠰᠤᠷᠭᠠᠭᠤᠯᠢ ᠶᠢᠨ | ᠵᠠᠬᠢᠷᠤᠯ ᠤᠨ ᠥᠩᠭᠡᠷᠡᠭᠰᠡᠨ ᠤ ᠲᠣᠭᠲᠠᠭᠰᠠᠨ ᠰᠤᠷᠭᠠᠭᠤᠯᠢ ᠶᠢᠨ ︽ᠰᠤᠷᠭᠠᠭᠤᠯᠢ ᠶᠢᠨ ᠬᠥᠮᠦᠨ︾ | ᠪᠠᠶᠢᠭᠰᠠᠨ ᠠᠴᠠ ᠨᠢ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠰᠢᠰᠲ᠋ᠧᠮ ᠤᠨ | ᠬᠥᠮᠦᠨ︾ ᠪᠣᠯᠭᠠᠨ ᠬᠤᠪᠢᠷᠠᠭᠤᠯᠤᠨ᠎ᠠ᠃ | 26. ︽ᠭᠤᠷᠪᠠᠨ ᠰᠠᠯᠵᠤ ᠴᠢᠳᠠᠬᠤ ᠦᠭᠡᠢ︾ ︽ᠲᠠᠪᠤ ᠶᠢ ᠲᠠᠨᠢᠨ ᠮᠡᠳᠡᠷᠡᠬᠦ︾ ᠶᠢᠨ ᠦᠵᠡᠯ ᠰᠠᠨᠠᠭ᠎ᠠ᠄ ᠬᠢᠲᠠᠳ | ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ | ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠡᠯ᠎ᠡ ᠴᠥᠭᠡᠨ ᠲᠣᠭᠠᠲᠤ | ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︔ᠡᠯ᠎ᠡ ᠦᠨᠳᠦᠰᠦᠲᠡᠨ ᠤ ᠠᠷᠠᠳ | ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠨᠢᠨ ᠮᠡᠳᠡᠷᠡᠬᠦ ᠶᠢ | ᠴᠢᠩᠭᠠᠳᠬᠠᠨ᠎ᠠ᠃ | 27. ︽ᠳᠥᠷᠪᠡᠨ ᠬᠠᠮᠲᠤᠳᠬᠠᠬᠤ︾ ᠣᠶᠢᠯᠠᠭᠠᠭᠳᠠᠬᠤᠨ᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ | ᠭᠤᠲᠤᠮᠰᠢᠭ ᠢᠶᠠᠨ ᠬᠠᠮᠲᠤᠳᠬᠠᠬᠤ᠂ ᠥᠭᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ᠃ | 28. ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ ᠨᠣᠷᠮ᠎ᠠ︾᠄ ᠵᠠᠬᠢᠳᠠᠯ | ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠴᠠᠭ ᠲᠤᠬᠠᠶ ᠳᠤᠨᠢ ᠬᠦᠯᠢᠶᠡᠨ | ᠠᠪᠴᠤ ᠰᠢᠢᠳᠪᠦᠷᠢᠯᠡᠬᠦ ᠨᠣᠷᠮ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠤᠭᠤᠴᠠᠭ᠎ᠠ ᠶᠣᠰᠣᠭᠠᠷ | ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠠᠷᠢᠭᠤᠴᠠᠯᠭᠠᠲᠤ | ᠰᠠᠯᠠᠭ᠎ᠠ ᠮᠥᠴᠢᠷ ᠤᠨ ᠰᠡᠳᠭᠢᠯ ᠬᠠᠨᠤᠮᠵᠢ ᠶᠢᠨ ᠨᠣᠷᠮ᠎ᠠ᠃ | 29. ︽ᠳᠥᠷᠪᠡᠨ ᠬᠠᠮᠤᠭ ᠤᠨ ᠴᠢᠩᠭ᠎ᠠ︾᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ | ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠭᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠃ | 30. ︽ᠬᠤᠶᠠᠷ ᠢ ᠪᠠᠳᠣᠯᠠᠭᠠᠵᠢᠭᠤᠯᠬᠤ︾᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠪᠠᠳᠣᠯᠠᠭᠠᠵᠢᠭᠤᠯᠵᠣ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠵᠢᠯᠣᠭᠤᠳᠬᠤ ᠪᠠᠶᠢᠷᠢ ᠰᠠᠭᠤᠷᠢ ᠶᠢ ᠪᠠᠳᠣᠯᠠᠭᠠᠵᠢᠭᠤᠯᠣᠨᠠ᠃ | 31. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾᠄ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ | ᠬᠢᠬᠦ ᠲᠦᠷᠢᠮ᠃ | 32. ︽ᠳᠥᠷᠪᠡᠨ ᠥᠬᠡᠶ ᠬᠤᠶᠠᠷ ᠰᠢᠭᠤᠳ︾᠄ ᠮᠡᠳᠡᠭᠳᠡᠯ ᠪᠠᠭᠤᠯᠭᠠᠬᠤ ᠥᠬᠡᠶ᠂ ᠤᠷᠢᠳᠴᠢᠯᠠᠨ ᠮᠡᠳᠡᠭᠳᠡᠬᠦ ᠥᠬᠡᠶ | ᠂ ᠬᠠᠷᠢᠭᠤ ᠮᠡᠳᠡᠭᠦᠯᠦᠯᠲᠡ ᠶᠢ ᠰᠣᠨᠣᠰᠬᠤ ᠥᠬᠡᠶ᠂ ᠪᠠᠷ᠎ᠠ ᠪᠣᠯᠵᠣ ᠭᠥᠯᠢᠶᠡᠨ ᠠᠪᠬᠤ ᠥᠬᠡᠶ ᠪᠠᠷ ᠰᠢᠭᠤᠳ | ᠦᠨᠳᠦᠰᠦᠨ ᠱᠠᠲᠤᠨ ᠳᠤ ᠬᠦᠷᠴᠦ᠂ ᠰᠢᠭᠤᠳ ᠲᠤᠬᠠᠶ ᠶᠢᠨ ᠲᠠᠯᠠᠪᠤᠷ ᠲᠤ ᠣᠴᠢᠨ᠎ᠠ᠃ |