ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠰᠦᠭᠡᠢ | — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ | ︵2022 ᠣᠨ ᠤ 10 ᠰᠠᠷ᠎ᠠ ᠶᠢᠨ 16 ᠤ ᠡᠳᠦᠷ︶ | ᠰᠢ ᠶᠢᠨ ᠫᠢᠩ ᠨᠥᠬᠦᠳ ᠠ᠋᠄ | ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠭᠢᠶ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ | ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃ ᠶᠡᠭᠡ ᠬᠤᠷᠠᠯ ᠤᠨ ᠭᠤᠣᠯ ᠰᠡᠳᠦᠪ ᠪᠣᠯ᠄ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠣᠮᠤᠭ | ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ | ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ | ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ | ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ ᠲᠥᠯᠥᠭᠡ ᠴᠢᠷᠮᠠᠶᠢᠵᠤ ᠪᠠᠶᠢᠭ᠎ᠠ ᠪᠣᠯᠬᠤᠷ | ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ ᠬᠢᠵᠠᠭᠠᠯᠠᠰᠢ ᠦᠭᠡᠢ ᠢᠷᠠᠭᠤ | ᠠᠯᠳᠠᠷᠲᠠᠢ ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ | ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ | ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭ᠎ᠠ ᠪᠠᠨ ᠴᠢᠩᠭᠠᠳᠬᠠᠵᠤ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠩ ᠭᠡᠷᠡᠯ ᠰᠠᠴᠤᠷᠠᠩᠭᠤᠢ ᠢᠷᠠᠭᠤ | ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ | ᠪᠠ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠠᠷᠪᠠ ᠶᠢᠰᠦᠳᠦᠭᠡᠷ ᠶᠡᠭᠡ | ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠵᠢᠷ ᠤᠨ ᠪᠤᠰᠤ ᠶᠢᠨ | ᠲᠠᠪᠤᠨ ᠵᠢᠯ ᠮᠥᠨ᠃ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠷᠲᠢᠨᠴᠦ ᠶᠢᠨ ᠵᠠᠭᠤᠨ | ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠤᠯᠤᠭ᠎ᠠ ᠤᠳᠠᠭ᠎ᠠ ᠶᠢᠨ ᠪᠦᠭᠦᠳᠡ | ᠬᠤᠷᠠᠯ ᠬᠢᠵᠦ᠂ ᠲᠤᠰ ᠲᠤᠰ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ᠂ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠭᠦ ᠲᠠᠯ᠎ᠠ ᠪᠠᠷ | ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠲᠣᠭᠲᠠᠭᠠᠯ ᠪᠠ ᠰᠢᠢᠳᠪᠦᠷᠢ ᠭᠠᠷᠭᠠᠵᠤ᠂ ᠨᠠᠮ | ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠵᠠᠯᠭᠠᠭ᠎ᠠ ᠪᠠᠷ ᠲᠤᠯᠭᠠᠷᠠᠭᠰᠠᠨ ᠯᠤᠲᠤ ᠶᠡᠭᠡ | ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ | ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠢ ᠲᠠᠰᠤᠷᠠᠯᠲᠠ ᠦᠭᠡᠢ ᠤᠷᠤᠭᠰᠢᠯᠠᠭᠤᠯᠪᠠ᠃ ᠲᠠᠪᠤᠨ ᠵᠢᠯ ᠤᠨ ᠲᠤᠷᠰᠢ᠂ ᠪᠢᠳᠡ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ | ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠥᠭᠡᠷᠡᠴᠢᠯᠡᠯᠲᠡ ᠶᠢ | ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ | ᠪᠠᠲᠤᠲᠠᠢ ᠠᠬᠢᠭᠤᠯᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠶᠢ ᠳᠣᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ | ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ | ᠶᠡᠭᠡ ᠰᠢᠨ᠎ᠡ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ | ᠰᠢᠢᠳᠪᠦᠷᠢ ᠶᠢ ᠲᠣᠭᠲᠠᠭᠠᠨ᠂ ᠪᠦᠭᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ᠂ ᠪᠦᠭᠦ ᠨᠠᠮ ᠢ | ᠤᠷᠢᠶᠠᠯᠠᠨ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ | ᠰᠢᠨ᠎ᠡ ᠠᠶᠠᠨ ᠳᠤ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨ᠎ᠠ ᠪᠠᠨ | ᠳᠠᠭᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ | ᠬᠢᠵᠢᠭ ᠲᠠᠢ ᠲᠡᠮᠡᠴᠡᠬᠦ ᠠᠷᠠᠳ ᠤᠨ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠬᠤᠯᠠ ᠶᠡᠭᠡ ᠢᠳᠡᠪᠬᠢᠲᠡᠢ | ᠦᠷ᠎ᠡ ᠪᠦᠲᠦᠭᠡᠯ ᠣᠯᠪᠠ᠃ ᠰᠢᠶᠠᠩᠭᠠᠩ ᠤᠨ ᠪᠠᠶᠢᠳᠠᠯ ᠤᠨ ᠲᠣᠭᠲᠠᠭᠤᠨ ᠪᠤᠰᠤ ᠬᠤᠪᠢᠷᠠᠯᠲᠠ ᠶᠢᠨ ᠡᠮᠦᠨ᠎ᠡ᠂ ᠪᠢᠳᠡ | ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠣᠨᠴᠠᠭᠠᠢ ᠣᠷᠣᠨ ᠢ | ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠵᠠᠰᠠᠭ ᠵᠠᠬᠢᠷᠭᠠᠨ ᠤ | ᠣᠨᠴᠠᠭᠠᠢ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ | ︽ᠤᠯᠤᠰ ᠢᠶᠠᠨ ᠬᠠᠶᠢᠷᠠᠯᠠᠭᠴᠢᠳ ᠰᠢᠶᠠᠩᠭᠠᠩ ᠢ ᠵᠠᠰᠠᠬᠤ︾ ᠵᠠᠷᠴᠢᠮ ᠢ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ | ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ ᠣᠷᠣᠭᠰᠠᠨ ᠴᠢᠬᠤᠯᠠ ᠶᠡᠭᠡ | ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ | ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ ᠲᠣᠭᠲᠠᠭᠤᠨ ᠢᠶᠠᠨ ᠪᠠᠲᠤᠯᠠᠬᠤ ᠶᠢ ᠳᠡᠮᠵᠢᠪᠡ᠃ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ | ᠲᠠᠶᠢᠸᠠᠨ ᠤ ᠬᠡᠷᠡᠭ ᠶᠠᠪᠤᠳᠠᠯ ᠳᠤ ᠭᠠᠷ ᠲᠦᠷᠦᠭᠦ ᠬᠦᠨᠳᠦ ᠨᠣᠴᠢᠲᠠᠢ ᠥᠳᠥᠭᠡᠯᠭᠡ ᠶᠢᠨ ᠡᠮᠦᠨ᠎ᠡ᠂ ᠪᠢᠳᠡ | ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ | ᠡᠷᠡᠰ ᠥᠷᠨᠢᠭᠦᠯᠵᠦ᠂ ᠮᠠᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ | ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠡᠷᠡᠰ ᠵᠣᠷᠢᠭ ᠪᠠ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ | ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠠᠮ ᠴᠢᠨᠠᠭᠰᠢᠳᠠ ᠡᠵᠡᠮᠰᠢᠵᠦ᠂ | ᠳᠡᠯᠡᠬᠡᠢ ᠨᠡᠶᠢᠲᠡ ᠶᠢᠨ ᠨᠢᠭᠡ ᠯᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠪᠠ᠃ | ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ ᠢᠯᠠᠩᠭᠤᠶ᠎ᠠ ᠭᠠᠳᠠᠭᠠᠳᠤ ᠶᠢᠨ ᠬᠢᠬᠠᠯᠲᠠ᠂ ᠰᠢᠬᠠᠯᠲᠠ᠂ ᠪᠢᠲᠡᠭᠦᠮᠵᠢᠯᠡᠯᠲᠡ᠂ | ᠲᠤᠶᠢᠯ ᠤᠨ ᠶᠡᠭᠡ ᠳᠠᠷᠤᠯᠲᠠ ᠶᠢᠨ ᠡᠮᠦᠨ᠎ᠡ᠂ ᠪᠢᠳᠡ ᠤᠯᠤᠰ ᠤᠨ ᠠᠰᠢᠭ ᠲᠤᠰᠠ ᠶᠢ ᠴᠢᠬᠤᠯᠠᠴᠢᠯᠠᠨ᠂ ᠤᠯᠤᠰ ᠤᠨ | ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠬᠦᠴᠦᠷᠬᠡᠭᠯᠡᠯ ᠠᠴᠠ ᠠᠶᠤᠬᠤ ᠦᠭᠡᠢ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠵᠦ᠂ ᠲᠡᠮᠡᠴᠡᠯ ᠤᠨ ᠳᠤᠮᠳᠠ ᠤᠯᠤᠰ ᠤᠨ ᠨᠡᠷ᠎ᠡ | ᠬᠦᠨᠳᠦ ᠪᠠ ᠭᠤᠣᠯᠯᠠᠬᠤ ᠠᠰᠢᠭ ᠲᠤᠰᠠ ᠶᠢ ᠬᠠᠮᠠᠭᠠᠯᠠᠨ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠲᠠᠪᠤᠨ ᠵᠢᠯ ᠤᠨ ᠲᠤᠷᠰᠢ᠂ ᠮᠠᠨ ᠤ ᠨᠠᠮ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭᠠᠨ ᠳᠤ ᠰᠢᠢᠳᠪᠦᠷᠢᠯᠡᠭᠡᠳᠦᠢ ᠪᠠᠶᠢᠭᠰᠠᠨ ᠮᠠᠰᠢ | ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠭᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ | ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃ ᠨᠥᠬᠦᠳ ᠠ᠋︕ ᠠᠷᠪᠠᠨ ᠨᠠᠢᠮᠠᠳᠤᠭᠠᠷ ᠶᠡᠭᠡ | ᠬᠤᠷᠠᠯ ᠬᠤᠷᠠᠯᠳᠤᠭᠠᠳ ᠤᠳᠤ ᠪᠤᠯᠳᠠᠯ᠎ᠠ ᠠᠷᠪᠠᠨ ᠵᠢᠯ ᠪᠣᠯᠵᠤ ᠪᠠᠶᠢᠨ᠎ᠠ᠃ ᠠᠷᠪᠠᠨ ᠵᠢᠯ ᠤᠨ ᠲᠤᠷᠰᠢ᠂ ᠪᠢᠳᠡ ᠨᠠᠮ | ᠪᠠ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ | ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠪᠡ᠄ ᠨᠢᠭᠡ ᠳᠤ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠠᠪᠴᠢᠷᠠᠪᠠ᠂ ᠬᠤᠶᠠᠷ ᠲᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂ ᠭᠤᠷᠪᠠ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ | ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠪᠡ᠃ ᠡᠨᠡ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ | ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ | ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠪᠠᠰᠠ ᠴᠤ ᠳᠡᠯᠡᠬᠡᠢ ᠳ᠋ᠠᠬᠢᠨ ᠳᠤ ᠠᠯᠤᠰ | ᠭᠡᠳᠦ ᠶᠢᠨ ᠨᠥᠯᠥᠭᠡ ᠦᠵᠡᠭᠦᠯᠭᠦ ᠲᠡᠦᠬᠡᠲᠦ ᠴᠢᠨᠠᠷᠲᠠᠢ ᠢᠯᠠᠯᠲᠠ ᠮᠥᠨ᠃ ᠠᠷᠪᠠᠨ ᠵᠢᠯ ᠤᠨ ᠡᠮᠦᠨ᠎ᠡ᠂ | ᠮᠠᠨ ᠤ ᠡᠮᠦᠨ᠎ᠡ ᠲᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ | ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ ᠣᠯᠵᠤ᠂ | ᠪᠢᠳᠡᠨ ᠤ ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ | ᠨᠥᠬᠦᠴᠡᠯ ᠢ ᠪᠦᠷᠢᠯᠳᠦᠭᠦᠯᠦᠨ ᠥᠭᠴᠦ᠂ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠭᠦᠨ ᠤ ᠬᠠᠮᠲᠤ | ᠠᠯᠢ ᠤᠯᠠᠨ ᠤᠷᠳᠤ ᠬᠤᠭᠤᠴᠠᠭᠠᠨ ᠳᠤ ᠬᠤᠷᠠᠮᠳᠤᠭᠰᠠᠨ ᠵᠢᠴᠢ ᠰᠢᠨ᠎ᠡ ᠪᠠᠷ ᠢᠯᠡᠷᠡᠭᠰᠡᠨ ᠲᠣᠪᠣᠶᠢᠮ᠎ᠠ ᠵᠥᠷᠢᠴᠡᠯ ᠪᠠ | ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠵᠠᠢ᠃ ᠨᠠᠮ ᠤᠨ ᠳᠣᠲᠣᠭᠠᠳᠤ ᠳᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ᠂ ᠠᠵᠢᠯᠯᠠᠭ᠎ᠠ ᠶᠢᠨ ᠬᠦᠴᠦᠨ | ᠮᠡᠬᠦᠰ ᠪᠠᠶᠢᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠪᠠᠯᠠᠷᠬᠠᠶᠢᠰᠢᠭᠰᠠᠨ᠂ ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ | ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠭᠤᠶᠢᠪᠢᠯᠵᠠᠵᠤ᠂ ᠵᠠᠷᠢᠮ ᠭᠠᠵᠠᠷ ᠣᠷᠣᠨ | ᠪᠠ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ | ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ | ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ ᠱᠠᠮᠰᠢᠨ ᠢᠯᠵᠠᠷᠠᠬᠤ ᠠᠰᠠᠭᠤᠳᠠᠯ | ᠬᠥᠮᠥᠰ ᠢ ᠰᠣᠴᠢᠭᠠᠮ᠎ᠠ ᠬᠡᠮᠵᠢᠶᠡᠨ ᠳᠤ ᠭᠦᠷᠴᠡᠢ ︔ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠳᠦᠷᠢᠮ ᠤᠨ | ᠴᠢᠨᠠᠷᠲᠠᠢ ᠵᠥᠷᠢᠴᠡᠯ ᠲᠣᠪᠣᠶᠢᠮ᠎ᠠ ᠪᠠᠶᠢᠵᠤ᠂ ᠬᠥᠭᠵᠢᠯᠲᠡ ᠲᠡᠩᠴᠡᠭᠦᠷᠢ ᠦᠭᠡᠢ᠂ ᠵᠣᠬᠢᠴᠠᠩᠭᠤᠢ ᠪᠤᠰᠤ᠂ | ᠦᠷᠭᠦᠯᠵᠢᠯᠡᠬᠦ ᠪᠤᠰᠤ ᠪᠠᠶᠢᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠤ᠂ | ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠠ ᠠᠰᠢᠭ ᠲᠤᠰᠠ ᠶᠢᠨ ᠬᠠᠲᠠᠭᠤ ᠰᠠᠭᠠᠳ ᠡᠳᠦᠷ | ᠢᠷᠡᠬᠦᠶ᠎ᠡ ᠢᠯᠡᠷᠡᠵᠦ ᠪᠠᠶᠢᠪᠠ ︔ ᠵᠠᠷᠢᠮ ᠬᠥᠮᠥᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ | ᠲᠦᠷᠦ ᠶᠢᠨ ᠪᠠᠶᠢᠭᠤᠯᠤᠯ ᠤᠨ ᠲᠤᠬᠠᠢ ᠢᠲᠡᠭᠡᠯ ᠮᠡᠬᠦᠰ᠂ ᠬᠠᠤᠯᠢ ᠪᠠᠶᠢᠲᠠᠯ᠎ᠠ ᠵᠢᠷᠤᠮᠯᠠᠬᠤ ᠦᠭᠡᠢ᠂ ᠬᠠᠤᠯᠢ ᠶᠢ | ᠴᠢᠩᠭ᠎ᠠ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠶᠢᠪᠠ ︔ ᠵᠣᠭᠤᠰ | ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠵᠤ ᠴᠡᠩᠬᠡᠬᠦ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠠ | ᠲᠡᠦᠬᠡ ᠶᠢ ᠦᠭᠡᠶᠢᠰᠭᠡᠭᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠᠶᠢᠨ ᠪᠠᠶᠢᠨ ᠭᠠᠷᠴᠤ᠂ ᠰᠦᠯᠵᠢᠶᠡᠨ ᠤ | ᠶᠠᠷᠢᠶ᠎ᠠ ᠬᠡᠯᠡᠯᠴᠡᠭᠡ ᠳᠤ ᠰᠠᠮᠠᠭᠤᠨ ᠦᠵᠡᠭᠳᠡᠯ ᠣᠯᠠᠰᠢᠷᠠᠵᠤ᠂ ᠬᠥᠮᠥᠰ ᠤᠨ ᠦᠵᠡᠯ ᠰᠠᠨᠠᠭ᠎ᠠ ᠪᠠ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠣᠷᠴᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ ︔ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ | ᠴᠥᠭᠡᠨ ᠪᠤᠰᠤ ᠪᠠᠭᠤᠷᠠᠢ ᠭᠤᠭᠴᠤᠭ᠎ᠠ ᠣᠷᠣᠰᠢᠵᠤ ᠪᠠᠶᠢᠪᠠ ︔ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ | ᠣᠷᠴᠢᠨ ᠲᠣᠭᠤᠷᠢᠨ ᠤ ᠪᠣᠬᠢᠷᠳᠤᠯ ᠵᠡᠷᠭᠡ ᠠᠰᠠᠭᠤᠳᠠᠯ ᠲᠣᠪᠣᠶᠢᠮ᠎ᠠ ᠪᠠᠶᠢᠪᠠ ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠳᠦᠷᠢᠮ ᠲᠡᠭᠦᠯᠳᠡᠷᠵᠢᠭᠡᠳᠦᠢ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ | ᠴᠢᠩᠭ᠎ᠠ ᠪᠢᠰᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ ᠴᠥᠭᠡᠨ | ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠪᠠ ︔ ᠰᠢᠶᠠᠩᠭᠠᠩ᠂ ᠣᠣᠮᠧᠨ ᠤ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠨᠢ ᠪᠦᠷᠢᠨ ᠲᠡᠭᠦᠯᠳᠡᠷ | ᠪᠢᠰᠢ ᠪᠠᠶᠢᠪᠠ ︔ ᠤᠯᠤᠰ ᠤᠨ ᠠᠮᠤᠷ ᠲᠦᠪᠰᠢᠨ ᠬᠠᠲᠠᠭᠤ ᠴᠢᠩᠭ᠎ᠠ ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ ᠮᠡᠲᠦ᠃ | ᠲᠤᠬᠠᠢ ᠶᠢᠨ ᠦᠶ᠎ᠡ ᠳᠤ᠂ ᠨᠠᠮ ᠤᠨ ᠳᠣᠲᠣᠭᠠᠳᠤ ᠪᠠ ᠨᠡᠶᠢᠭᠡᠮ ᠳᠡᠭᠡᠷᠡᠬᠢ ᠴᠥᠭᠡᠨ ᠪᠤᠰᠤ ᠬᠥᠮᠥᠰ ᠨᠠᠮ ᠪᠠ ᠤᠯᠤᠰ ᠤᠨ | ᠢᠷᠡᠭᠡᠳᠦᠢ ᠳᠤ ᠶᠡᠬᠡᠳᠡ ᠰᠡᠳᠬᠢᠯ ᠵᠣᠪᠠᠨᠢᠵᠤ ᠪᠠᠶᠢᠪᠠ᠃ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ | ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ | ᠨᠥᠯᠥᠭᠡᠯᠡᠬᠦ ᠡᠳᠡᠭᠡᠷ ᠲᠣᠪᠣᠶᠢᠮ᠎ᠠ ᠵᠥᠷᠢᠴᠡᠯ ᠪᠠ ᠠᠰᠠᠭᠤᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ | ᠴᠠᠭ ᠢ ᠦᠵᠡᠨ ᠪᠠᠶᠢᠳᠠᠯ ᠢ ᠰᠢᠨᠵᠢᠵᠦ᠂ ᠡᠷᠡᠰ ᠰᠢᠭᠤᠷᠬᠠᠢ ᠪᠠᠷ ᠰᠣᠩᠭᠤᠯᠲᠠ ᠬᠢᠵᠦ᠂ ᠡᠷᠡᠰ ᠵᠣᠷᠢᠭᠲᠠᠢ ᠪᠠᠷ ᠤᠷᠤᠭᠰᠢᠯᠠᠨ ᠳᠠᠪᠰᠢᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠰᠠᠯᠬᠢ ᠪᠣᠷᠣᠭᠠᠨ ᠢ | ᠰᠥᠷᠦᠨ ᠤᠷᠤᠭᠰᠢᠯᠠᠵᠤ᠂ ᠡᠷᠡᠰ ᠰᠢᠭᠤᠷᠬᠠᠢ ᠪᠠᠷ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ | ᠲᠡᠮᠡᠴᠡᠯ ᠢ ᠶᠠᠪᠤᠭᠳᠠᠭᠤᠯᠪᠠ᠃ ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ | ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠨᠠᠮ ᠤᠨ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠯᠢ | ᠣᠯᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ ᠶᠢᠨ ᠴᠢᠨᠠᠷᠲᠠᠢ | ᠦᠢᠯᠡᠳᠦᠯᠭᠡ ᠶᠢ ᠠᠬᠢᠭᠤᠯᠵᠤ᠂ ᠠᠯᠢ ᠣᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ | ᠠᠯᠢ ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠤᠯᠤᠰ ᠲᠥᠷᠥ᠂ ᠠᠵᠤ ᠠᠬᠤᠢ᠂ ᠦᠵᠡᠯ | ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ ᠢᠷᠡᠭᠰᠡᠨ ᠠᠶᠤᠯ ᠲᠦᠭᠰᠢᠭᠦᠷᠢ | ᠥᠷᠢᠰᠦᠯᠳᠦᠭᠡᠨ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ | ᠴᠢᠨᠠᠷᠲᠠᠢ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠮᠣᠷᠳᠠᠬᠤ ᠶᠢ ᠠᠬᠢᠭᠤᠯᠪᠠ᠃ — ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ | ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ ᠰᠢᠨ᠎ᠡ ᠶᠢ ᠡᠭᠦᠳᠭᠦ | ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ | ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ | ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃ — ᠪᠢᠳᠡ | ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ | ᠡᠪ ᠬᠠᠮᠲᠤ ᠨᠠᠮ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ | ᠲᠦᠷᠦ ᠶᠢᠨ ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ | ᠰᠢᠰᠲ᠋ᠧᠮ ᠲᠠᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠨᠠᠮ ᠤᠨ | ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠪᠠᠲᠤᠯᠠᠵᠤ᠂ ᠨᠠᠮ ᠤᠨ | ᠪᠦᠭᠦ ᠲᠠᠯ᠎ᠠ ᠶᠢ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠶᠢᠰᠦᠨ ᠮᠢᠩᠭ᠎ᠠ ᠵᠢᠷᠭᠤᠭᠠᠨ ᠵᠠᠭᠤ ᠭᠠᠷᠤᠢ | ᠲᠦᠮᠡᠨ ᠨᠠᠮ ᠤᠨ ᠭᠡᠰᠢᠭᠦᠨ ᠲᠠᠢ ᠮᠠᠨ ᠤ ᠡᠨᠡ ᠬᠦ ᠮᠠᠷᠺᠰ ᠤᠨ ᠦᠵᠡᠯ ᠤᠨ ᠲᠦᠷᠤ ᠶᠢᠨ ᠨᠠᠮ ᠨᠡᠩ ᠢᠯᠡᠭᠦᠦ | ᠪᠦᠯᠬᠦᠮᠳᠡᠨ ᠨᠢᠭᠡᠳᠪᠡ᠃ — ᠪᠢᠳᠡ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ | ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢ ᠳᠤᠷᠠᠳᠴᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠵᠤ᠂ ᠠᠭᠤᠤ | ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ | ᠶᠡᠷᠦᠩᠬᠡᠶᠢᠯᠡᠨ ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠪᠠ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ | ᠶᠢᠨ ᠬᠤᠭᠤᠷᠣᠨᠳᠣᠭᠢ ᠵᠥᠷᠢᠴᠡᠯ ᠮᠥᠨ ᠭᠡᠳᠡᠭ ᠢ ᠲᠣᠳᠣᠷᠬᠠᠶᠢᠯᠠᠭᠰᠠᠨ ᠪᠥᠭᠡᠳ ᠡᠨᠡ ᠬᠦ ᠨᠡᠶᠢᠭᠡᠮ ᠤᠨ ᠭᠤᠣᠯ | ᠵᠥᠷᠢᠴᠡᠯ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ | ᠬᠥᠭᠵᠢᠭᠦᠯᠪᠡ᠃ — ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠴᠢᠨᠡᠭᠡᠯᠢᠭ ᠨᠡᠶᠢᠭᠡᠮ ᠭᠡᠬᠦ ᠡᠨᠡ ᠬᠦ | ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ ᠮᠠᠨ ᠤ | ᠤᠯᠤᠰ ᠤᠨ ᠬᠥᠭᠵᠢᠯᠲᠡ ᠨᠡᠩ ᠥᠨᠳᠥᠷ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠪᠢᠳᠡ ᠣᠨᠣᠴᠠᠲᠠᠢ ᠪᠠᠷ | ᠶᠠᠳᠠᠭᠤ ᠶᠢ ᠲᠡᠳᠭᠦᠭᠦ᠂ ᠭᠠᠪᠰᠢᠭᠠᠢ ᠠᠩᠭᠢ ᠪᠠᠶᠢᠯᠳᠤᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ | ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠤᠨ 832 ᠶᠠᠳᠠᠭᠤ ᠬᠦᠴᠢᠷᠳᠡᠯᠲᠡᠢ | ᠰᠢᠶᠠᠨ ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠤ 1 ᠳ᠋ᠦᠩᠰᠢᠭᠤᠷ ᠰᠢᠬᠠᠮ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ 960 ᠭᠠᠷᠤᠢ ᠲᠦᠮᠡᠨ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ ᠲᠤᠶᠢᠯ ᠤᠨ ᠶᠠᠳᠠᠭᠤ ᠬᠦᠴᠢᠷᠳᠡᠯᠲᠡᠢ ᠪᠠᠶᠢᠬᠤ | ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ | ᠬᠥᠮᠥᠨ ᠠᠮᠠ ᠶᠢ ᠴᠥᠭᠡᠳᠬᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ — ᠪᠢᠳᠡ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠡᠷᠡᠭᠵᠢᠭᠦᠯᠵᠦ᠂ ᠠᠯᠢ ᠤᠯᠠᠨ ᠪᠦᠭᠦ ᠲᠠᠯ᠎ᠠ ᠶᠢᠨ | ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ | ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ ᠦᠰᠦᠷᠦᠯᠲᠡ ᠳᠡᠭᠡᠭᠰᠢᠯᠡᠯᠲᠡ ᠶᠢ ᠪᠡᠶᠡᠯᠡᠭᠦᠯᠪᠡ᠃ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 54 ᠲᠦᠮᠡᠨ ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ | ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ | ᠬᠡᠮᠵᠢᠶᠡᠨ ᠤ ᠬᠤᠪᠢ ᠶᠢᠨ ᠵᠢᠩ 18.5% ᠳᠤ ᠬᠦᠷᠴᠦ᠂ ᠵᠠᠭᠤᠨ ᠤ ᠬᠠᠷᠢᠴᠠᠯ ᠢᠶᠠᠷ 7.2 ᠬᠤᠪᠢ | ᠳᠡᠭᠡᠭᠰᠢᠯᠡᠵᠦ᠂ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠪᠠ ︔ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ 39800 ᠲᠥᠭᠦᠷᠢᠭ ᠪᠠᠶᠢᠭᠰᠠᠨ ᠠᠴᠠ ᠪᠠᠨ | 81000 ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠤᠨ ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ | ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ | ᠪᠦᠲᠦᠮᠵᠢᠲᠡᠢ ᠪᠠᠲᠤᠯᠠᠭ᠎ᠠ ᠲᠠᠢ ᠪᠣᠯᠪᠠ᠃ ᠬᠤᠲᠠ ᠪᠠᠯᠭᠠᠰᠤᠵᠢᠯᠲᠠ ᠶᠢᠨ ᠨᠤᠷᠮ᠎ᠠ ᠵᠠᠭᠤᠨ ᠤ | ᠬᠠᠷᠢᠴᠠᠯ ᠢᠶᠠᠷ 11.6 ᠬᠤᠪᠢ ᠳᠡᠭᠡᠭᠰᠢᠯᠡᠵᠦ᠂ 64.7% ᠳᠤ ᠭᠦᠷᠪᠡ᠃ ᠦᠢᠯᠡᠳᠭᠦ | ᠦᠢᠯᠡᠰ ᠤᠨ ᠬᠡᠪᠴᠢᠶ᠎ᠡ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠲᠤ ᠪᠠᠲᠤᠲᠠᠢ ᠣᠷᠣᠪᠠ᠃ | ᠳᠡᠯᠡᠬᠡᠢ ᠳᠡᠭᠡᠷᠡᠬᠢ ᠬᠠᠮᠤᠭ ᠤᠨ ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ ᠲᠣᠣᠷ᠂ | ᠨᠢᠰᠬᠡᠯ ᠤᠨ ᠪᠠᠭᠤᠳᠠᠯ ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ | ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠱᠠᠯᠠᠪᠳᠠᠭᠤᠯᠤᠨ ᠠᠬᠢᠭᠤᠯᠵᠤ᠂ | ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠶᠢ 1 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ | 28000 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ ᠣᠷᠣᠵᠤ᠂ ᠰᠤᠳᠤᠯᠤᠨ ᠨᠡᠭᠡᠭᠡᠬᠦ | ᠠᠵᠢᠯᠲᠠᠨ ᠤ ᠶᠡᠷᠦᠩᠬᠡᠢ ᠬᠡᠮᠵᠢᠶ᠎ᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ ᠰᠠᠭᠤᠷᠢ ᠰᠤᠳᠤᠯᠭᠠᠨ ᠪᠠ | ᠤᠤᠭᠠᠯ ᠰᠢᠨ᠎ᠡ ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ | ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ᠂ | ᠭᠦᠨ ᠲᠠᠯᠠᠢ ᠭᠦᠨ ᠭᠠᠵᠠᠷ ᠢ ᠬᠠᠶᠢᠨ ᠭᠡᠮᠵᠢᠭᠦ᠂ ᠲᠡᠰ ᠠᠴᠠ ᠳᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ ᠤ ᠠᠶᠠᠯᠠᠯ ᠵᠠᠯᠠᠭᠤᠷ᠂ | ᠺᠸᠠᠨ᠋ᠲ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ ᠮᠡᠷᠭᠡᠵᠢᠯ᠂ ᠰᠢᠨ᠎ᠡ ᠡᠨᠧᠷᠭᠢ ᠶᠢᠨ ᠮᠡᠷᠭᠡᠵᠢᠯ᠂ ᠲᠣᠮᠣ ᠨᠢᠰᠬᠡᠯ ᠦᠢᠯᠡᠳᠭᠦ᠂ | ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠭᠦ | ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃ — ᠪᠢᠳᠡ ᠯᠤᠲᠤ ᠶᠡᠭᠡ ᠤᠯᠤᠰ | ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ | ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠲᠦᠭᠰᠢᠭᠦᠷᠢᠲᠤ | ᠣᠷᠣᠨ ᠳᠤ ᠵᠣᠷᠢᠭᠲᠠᠢ ᠪᠠᠷ ᠰᠢᠪᠲᠤᠯᠤᠨ ᠣᠷᠣᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ | ᠵᠣᠷᠢᠭᠲᠠᠢ ᠪᠠᠷ ᠪᠠᠷᠲᠠᠭᠠᠲᠤ ᠭᠠᠵᠠᠷ ᠢ ᠲᠤᠭᠤᠯᠵᠤ᠂ ᠰᠢᠨ᠎ᠡ ᠵᠥᠷᠢᠴᠡᠯ ᠰᠢᠨ᠎ᠡ | ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ | ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠰᠢᠪᠲᠤᠯᠵᠤ᠂ | ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯ᠎ᠡ ᠬᠦᠷᠢᠶᠡᠨ ᠤ ᠰᠠᠭᠤᠷᠢ | ᠴᠢᠨᠠᠷᠲᠠᠢ ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ ᠬᠦᠷᠢᠶᠡᠨ ᠳᠤ | ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠳᠠᠭᠢᠨ ᠱᠤᠭᠤᠯᠲᠠ᠂ ᠪᠦᠬᠦᠯᠢ ᠴᠣᠭᠴᠠᠲᠤ ᠲᠠᠭᠢᠨ | ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠠᠮ ᠪᠠ ᠲᠥᠷᠥ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠠᠩ ᠪᠣᠯᠪᠠᠰᠤᠷᠠᠩᠭᠤᠢ ᠨᠠᠩ ᠲᠥᠯᠥᠪᠰᠢᠵᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ | ᠢᠯᠡᠳᠲᠡ ᠳᠡᠭᠡᠭᠰᠢᠯᠡᠪᠡ᠃ — ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ | ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ | ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠵᠤ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ ᠣᠯᠠᠨ ᠤᠯᠤᠰ ᠤᠨ | ᠣᠯᠠᠨ ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ᠃ ᠮᠠᠨ ᠤ ᠤᠯᠤᠰ | 140 ᠭᠠᠷᠤᠢ ᠤᠯᠤᠰ ᠪᠠ ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ ᠪᠣᠯᠵᠤ᠂ ᠪᠠᠷᠠᠭᠠᠨ ᠤ ᠠᠷᠠᠯᠵᠢᠶᠠᠨ ᠤ ᠶᠡᠷᠦᠩᠬᠡᠢ | ᠲᠤᠭ᠎ᠠ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ | ᠣᠷᠣᠭᠤᠯᠬᠤ ᠲᠠᠯ᠎ᠠ ᠪᠠᠷ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠨᠡᠩ ᠶᠡᠭᠡ ᠬᠡᠪᠴᠢᠶ᠎ᠡ᠂ ᠨᠡᠩ | ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠪᠦᠭᠦ ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠂ ᠨᠡᠶᠢᠭᠡᠮ ᠵᠢᠷᠤᠮ ᠤᠨ | ᠠᠷᠠᠳᠴᠢᠯᠠᠭᠰᠠᠨ ᠤᠯᠤᠰ ᠲᠦᠷᠦ ᠶᠢᠨ ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ ᠪᠦᠭᠦ ᠲᠠᠯ᠎ᠠ ᠪᠠᠷ ᠠᠬᠢᠭᠤᠯᠵᠤ᠂ | ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠭᠦ ᠶᠢ ᠨᠡᠩ ᠯᠠᠪᠳᠠᠭᠤᠨ ᠪᠠᠲᠤᠲᠠᠢ ᠪᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠠᠮᠢᠳᠤᠯᠢᠭ | ᠬᠦᠴᠦᠨ ᠢ ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠳᠤ ᠰᠢᠨ᠎ᠡ ᠳᠦᠷᠰᠦ ᠪᠠᠶᠢᠳᠠᠯ ᠢᠯᠡᠷᠡᠨ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠪᠦᠭᠦ ᠲᠠᠯ᠎ᠠ ᠪᠠᠷ ᠲᠤᠭᠤᠰᠢᠯᠠᠭᠳᠠᠵᠤ᠂ ᠬᠥᠮᠥᠨ ᠤ ᠡᠷᠬᠡ ᠶᠢ ᠨᠡᠩ ᠰᠠᠶᠢᠨ ᠪᠠᠲᠤᠯᠠᠪᠠ᠃ ᠨᠡᠶᠢᠭᠡᠮ | ᠵᠢᠷᠤᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢ ᠪᠠᠷᠢᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ ᠪᠤᠯᠭᠠᠵᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠪᠠᠲᠤᠯᠠᠭ᠎ᠠ ᠶᠢ ᠨᠡᠩ ᠪᠠᠲᠤ ᠪᠠᠬᠢ ᠪᠤᠯᠭᠠᠵᠤ᠂ | ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠪᠡ᠃ | — ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠰᠢᠨ᠎ᠡ ᠶᠢ ᠡᠭᠦᠳᠦᠭᠰᠡᠨ ᠤᠨᠤᠯ ᠬᠥᠮᠥᠰ ᠤᠨ ᠰᠡᠳᠬᠢᠯ ᠳᠤ ᠬᠠᠳᠠᠩᠰᠢᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ | ᠴᠢᠨᠠᠷᠲᠠᠢ ᠪᠠᠷ ᠤᠯᠠᠷᠢᠭᠤᠯᠤᠬᠲᠠᠵᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ | ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠰᠦᠯᠵᠢᠶᠡᠨ ᠤ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠦᠵᠡᠯ | ᠤᠬᠠᠮᠰᠠᠷ ᠤᠨ ᠭᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ | ᠴᠢᠨᠠᠷᠲᠠᠢ ᠬᠤᠪᠢᠷᠠᠯᠲᠠ ᠭᠠᠷᠴᠠᠢ᠃ ᠪᠢᠳᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ | ᠪᠠᠶᠢᠭᠤᠯᠤᠭᠳᠠᠭᠰᠠᠨ 90 ᠵᠢᠯ ᠤᠨ ᠣᠢ᠂ ᠥᠭᠡᠷᠡᠴᠢᠯᠡᠯᠲᠡ ᠨᠡᠭᠡᠭᠡᠯᠲᠡ ᠬᠢᠭᠰᠡᠨ 40 | ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 | ᠵᠢᠯ ᠤᠨ ᠣᠢ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ | ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ | ᠦᠪᠡᠳᠡᠭᠰᠢ ᠶᠡᠭᠡ ᠪᠠᠷ ᠳᠤᠷᠠᠰᠬᠠᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠥ᠂ ᠵᠠᠯᠠᠭᠤ ᠨᠢᠭᠡ | ᠦᠶ᠎ᠡ ᠶᠢᠨ ᠬᠢᠨ ᠨᠡᠩ ᠢᠳᠡᠪᠬᠢᠲᠡᠢ ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ | ᠣᠶᠣᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠪᠠ᠃ — ᠪᠢᠳᠡ ᠠᠷᠠᠳ ᠲᠦᠮᠡᠨ ᠢᠶᠠᠷ | ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠢᠯᠬ᠎ᠠ ᠪᠠᠶᠢᠬᠤ ᠳᠤᠨᠢ ᠠᠰᠠᠷᠠᠬᠤ | ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ | ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ | ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ᠃ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.2 ᠨᠠᠰᠤ | ᠪᠣᠯᠵᠤ ᠨᠡᠮᠡᠭᠳᠡᠪᠡ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16500 | ᠲᠥᠭᠦᠷᠢᠭ ᠪᠠᠶᠢᠭᠰᠠᠨ ᠠᠴᠠ ᠪᠠᠨ 35100 ᠲᠥᠭᠦᠷᠢᠭ ᠪᠣᠯᠵᠤ ᠨᠡᠮᠡᠭᠳᠡᠪᠡ᠃ ᠬᠤᠲᠠ ᠪᠠᠯᠭᠠᠰᠤᠨ ᠳᠤ ᠵᠢᠯ | ᠳᠤᠮᠳᠠᠴᠢ ᠪᠠᠷ 1300 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠳᠡᠯᠡᠬᠡᠢ | ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ | ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠬᠢᠷᠢ ᠲᠦᠪᠰᠢᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ 10.4 ᠳ᠋ᠦᠩᠰᠢᠭᠤᠷ ᠬᠥᠮᠥᠨ ᠢ ᠬᠠᠮᠤᠷᠴᠤ᠂ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠬᠰᠠᠨ ᠨᠤᠷᠮ᠎ᠠ 95% ᠳᠤ ᠲᠣᠭᠲᠠᠪᠤᠷᠢᠵᠢᠪᠠ᠃ | ᠦᠷᠡᠵᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠬᠢᠷᠠᠭᠤᠯᠪᠠ᠃ ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ | ᠬᠥᠳᠡᠭᠡ ᠲᠣᠰᠬᠤᠨ ᠤ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ | ᠰᠦᠯᠵᠢᠶᠡᠨ ᠳᠤ ᠭᠠᠷᠤᠭᠰᠠᠨ ᠬᠥᠮᠥᠨ ᠤ ᠲᠤᠭ᠎ᠠ 10.3 ᠳ᠋ᠦᠩᠰᠢᠭᠤᠷ ᠲᠤ ᠬᠦᠷᠴᠡᠢ᠃ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠡᠩ ᠭᠦᠢᠴᠡᠳ᠂ | ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠵᠤ᠂ ᠬᠠᠮᠲᠤ ᠪᠠᠷ ᠪᠠᠶᠠᠵᠢᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ | — ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠪᠦᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠳᠤ ᠴᠢᠩᠭᠠᠳᠬᠠᠵᠤ᠂ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠦᠭᠡᠢ᠂ ᠡᠷᠭᠢᠯᠲᠡᠲᠦ᠂ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠪᠢᠲᠡᠨ ᠤ ᠡᠬᠡ | ᠤᠯᠤᠰ ᠤᠨ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠪᠣᠯᠵᠠᠢ᠃ | — ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ | ᠲᠦᠪᠰᠢᠨ ᠤ ᠤᠳᠤᠷᠢᠳᠬᠤ ᠪᠠᠶᠢᠭᠤᠯᠤᠯ ᠪᠠ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠵᠠᠷᠴᠢᠮ ᠤᠨ ᠠᠰᠠᠭᠤᠳᠠᠯ ᠳᠡᠭᠡᠷ᠎ᠡ | ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭ᠎ᠠ ᠵᠠᠩ ᠴᠢᠨᠠᠷ ᠢᠶᠠᠷ ᠤᠯᠤᠰ ᠤᠨ | ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠠᠮᠤᠷ | ᠲᠦᠪᠰᠢᠨ ᠢ ᠪᠦᠭᠦ ᠲᠠᠯ᠎ᠠ ᠪᠠᠷ ᠴᠢᠩᠭᠠᠳᠬᠠᠪᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ | ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ ᠦᠨᠳᠦᠰᠦᠲᠡᠨ ᠤ | ᠬᠠᠭᠠᠴᠠᠭᠤᠯᠬᠤ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ᠂ ᠬᠦᠴᠦᠷᠬᠡᠭᠯᠡᠯ | ᠰᠦᠷᠳᠡᠭᠦᠯᠦᠯ ᠤᠨ ᠬᠦᠴᠦᠨ ᠢ ᠪᠦᠲᠦᠮᠵᠢᠲᠡᠢ ᠬᠤᠷᠢᠭᠯᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠠᠯᠢ ᠤᠯᠠᠨ ᠬᠦᠨᠳᠦ | ᠶᠡᠭᠡ ᠪᠠᠶᠢᠭᠠᠯᠢ ᠶᠢᠨ ᠭᠠᠮᠰᠢᠭ ᠢ ᠬᠦᠴᠦᠲᠡᠢ ᠠᠷᠭᠠᠴᠠᠭᠠᠵᠤ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ | ᠨᠡᠩ ᠥᠨᠳᠥᠷ ᠲᠦᠪᠰᠢᠨ ᠳᠤ ᠭᠦᠷᠪᠡ᠃ — ᠪᠢᠳᠡ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ | ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠢᠨ᠎ᠡ ᠴᠠᠭ ᠦᠶ᠎ᠡ ᠶᠢᠨ ᠨᠠᠮ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ | ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠨᠠᠮ ᠤᠨ ᠠᠷᠠᠳ ᠤᠨ | ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠭᠦ᠋ ᠲᠢᠶᠠᠨ ᠤ ᠪᠦᠭᠦ ᠴᠡᠷᠢᠭ ᠤᠨ ᠤᠯᠤᠰ | ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ | ᠲᠥᠷᠥ ᠶᠢᠨ ᠴᠡᠭᠴᠡᠯᠡᠯᠲᠡ ᠶᠢ ᠠᠬᠢᠭᠤᠯᠵᠤ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ | ᠪᠠᠷᠢᠮᠵᠢᠶ᠎ᠠ ᠶᠢ ᠪᠠᠲᠤ ᠪᠠᠬᠢ ᠪᠤᠢ ᠪᠤᠯᠭᠠᠵᠤ᠂ ᠪᠦᠭᠦ ᠴᠡᠷᠢᠭ ᠤᠨ ᠠᠵᠢᠯ ᠤᠨ ᠭᠤᠣᠯᠳᠠᠯᠭ᠎ᠠ ᠶᠢ ᠳᠠᠶᠢᠨ ᠳᠤ ᠪᠡᠯᠡᠳᠬᠡᠨ ᠪᠠᠶᠢᠯᠳᠤᠭᠠᠨ | ᠬᠢᠬᠦ ᠳᠡᠭᠡᠷ᠎ᠡ ᠡᠷᠡᠰ ᠲᠠᠯᠪᠢᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ | ᠲᠥᠯᠥᠪᠵᠢᠭᠦᠯᠦᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ ᠴᠡᠷᠢᠭ ᠤᠨ ᠪᠣᠯᠪᠠᠰᠤᠷᠠᠯ ᠢ | ᠶᠡᠭᠡ ᠪᠠᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ | ᠶᠡᠭᠡ ᠪᠠᠷ ᠭᠦᠨᠵᠡᠭᠡᠶᠢᠷᠡᠭᠦᠯᠵᠦ᠂ ᠠᠷᠠᠳ ᠤᠨ ᠴᠡᠷᠢᠭ ᠠᠩᠭᠢ ᠶᠢᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ | ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠢ | ᠳᠠᠭᠢᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠴᠡᠷᠢᠭ ᠤᠨ ᠠᠯᠪᠠ ᠬᠠᠭᠠᠵᠤ ᠪᠠᠶᠢᠭ᠎ᠠ ᠬᠥᠮᠥᠨ ᠤ | ᠲᠤᠭ᠎ᠠ ᠶᠢ ᠭᠤᠴᠢᠨ ᠲᠦᠮᠡ ᠬᠠᠰᠤᠬᠤ ᠶᠢ ᠢᠯᠠᠯᠲᠠ ᠲᠠᠢ ᠪᠠᠷ ᠪᠡᠶᠡᠯᠡᠭᠦᠯᠵᠦ᠂ ᠠᠷᠠᠳ ᠤᠨ ᠴᠡᠷᠢᠭ | ᠠᠩᠭᠢ ᠶᠢᠨ ᠪᠠᠶᠢᠭᠤᠯᠤᠮᠵᠢ ᠨᠢ ᠰᠢᠨ᠎ᠡ᠂ ᠪᠦᠲᠦᠴᠡ ᠨᠢ ᠰᠢᠨ᠎ᠡ᠂ ᠪᠠᠶᠢᠷᠢᠰᠢᠯ ᠨᠢ ᠰᠢᠨ᠎ᠡ᠂ ᠳᠦᠷᠰᠦ | ᠪᠠᠶᠢᠳᠠᠯ ᠨᠢ ᠴᠣ᠋ ᠰᠢᠨ᠎ᠡ ᠪᠣᠯᠵᠤ᠂ ᠣᠳᠣᠬᠢᠴᠢᠯᠠᠯᠲᠠ ᠶᠢᠨ ᠲᠦᠪᠰᠢᠨ ᠪᠠ ᠪᠣᠳᠠᠲᠤ ᠪᠠᠶᠢᠯᠳᠤᠭᠠᠨ ᠤ | ᠴᠢᠳᠠᠪᠤᠷᠢ ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ | ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠪᠠ᠃ — ᠪᠢᠳᠡ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯ᠎ᠠ ᠪᠠᠷ ᠣᠨᠣᠪᠴᠢᠲᠠᠢ ᠠᠬᠢᠭᠤᠯᠵᠤ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ | ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ | ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ ᠣᠷᠣᠭᠰᠠᠨ ᠠᠴᠠ | ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ ᠭᠦᠭᠵᠢᠭᠦ ᠰᠢᠨ᠎ᠡ | ᠱᠠᠲᠤᠨ ᠳᠤ ᠣᠷᠣᠬᠤ ᠶᠢ ᠠᠬᠢᠭᠤᠯᠵᠤ᠂ ᠰᠢᠶᠠᠩᠭᠠᠩ᠂ ᠣᠣᠮᠧᠨ ᠤᠷᠳᠤ ᠬᠤᠭᠤᠴᠠᠭᠠᠨ ᠤ ᠲᠣᠭᠲᠠᠭᠤᠨ | ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨ᠎ᠡ ᠴᠠᠭ ᠦᠶ᠎ᠡ ᠳᠤ | ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ | ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ | ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ | ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ | ᠬᠤᠶᠠᠷ ᠭᠦᠪᠡᠭᠡ ᠶᠢᠨ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠨ ᠦᠢᠯᠡᠳᠦᠯᠭᠡᠵᠢᠭᠦᠯᠵᠦ᠂ | ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ | ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠪᠠᠯᠠᠮᠠᠳ ᠠᠵᠢᠯᠯᠠᠭ᠎ᠠ ᠶᠢ ᠡᠷᠡᠰ ᠭᠤᠶᠢᠪᠢᠰᠢ | ᠦᠭᠡᠢ ᠡᠰᠡᠷᠭᠦᠴᠡᠪᠡ᠃ ᠪᠢᠳᠠ ᠭᠠᠳᠠᠭᠠᠳᠤ ᠬᠠᠷᠢᠯᠴᠠᠭᠠᠨ ᠤ ᠶᠡᠷᠦᠩᠬᠡᠢ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ | ᠪᠦᠭᠦ ᠪᠥᠮᠪᠥᠷᠴᠡᠭ ᠢ ᠪᠦᠷᠬᠦᠭᠰᠡᠨ ᠬᠠᠨᠢᠲᠠᠨ ᠤ ᠬᠠᠷᠢᠯᠴᠠᠭ᠎ᠠ ᠶᠢᠨ ᠲᠣᠣᠷ ᠢ ᠢᠳᠡᠪᠬᠢᠲᠡᠢ ᠪᠠᠶᠢᠭᠤᠯᠵᠤ᠂ ᠰᠢᠨ᠎ᠡ | ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ ᠪᠢᠳᠡ | ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠣᠷᠣᠯᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠣᠯᠠᠨ ᠤᠯᠤᠰ ᠤᠨ | ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠳᠡᠯᠡᠬᠡᠢ ᠨᠡᠶᠢᠲᠡ ᠶᠢᠨ ᠥᠷᠭᠡᠨ | ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠮᠠᠨ ᠤ ᠤᠯᠤᠰ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ | ᠴᠣᠭᠴᠠᠯᠠᠬᠤ ᠬᠦᠴᠦᠨ ᠢᠯᠡᠳᠲᠡ ᠳᠡᠭᠡᠭᠰᠢᠯᠡᠪᠡ᠃ — ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠨ᠂ | ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ | ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠨ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ | ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠳᠤᠷᠠᠳᠤᠨ ᠪᠠᠷᠢᠮᠲᠠᠯᠠᠵᠤ᠂ ᠤᠯᠤᠰ ᠲᠥᠷᠥ ᠶᠢᠨ | ᠪᠠᠷᠢᠮᠵᠢᠶ᠎ᠠ ᠪᠠᠷ ᠮᠡᠷᠭᠡᠳ ᠢ ᠰᠣᠩᠭᠤᠵᠤ ᠴᠢᠳᠠᠪᠤᠷᠢᠲᠠᠨ ᠢ ᠲᠣᠮᠢᠯᠠᠬᠤ ᠶᠢ ᠳᠣᠪᠤᠶᠢᠯᠭᠠᠵᠤ᠂ | ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠨᠡᠯᠢᠶᠡᠳ ᠪᠦᠷᠢᠨ ᠲᠡᠭᠦᠯᠳᠡᠷ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠦ᠂ ᠪᠦᠭᠦ ᠨᠠᠮ ᠤᠨ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭ᠎ᠠ ᠪᠠᠲᠤ | ᠲᠣᠭᠲᠠᠭᠠᠯ ᠢ ᠴᠢᠩᠳᠠᠯᠠᠬᠤ ᠶᠢ ᠠᠬᠢᠭᠤᠯᠪᠠ᠃ ᠪᠢᠳᠡ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠶᠢ ᠢᠮᠠᠭᠲᠠ ᠬᠤᠪᠢᠷᠠᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ | ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠷᠳᠤ ᠬᠤᠭᠤᠴᠠᠭ᠎ᠠ ᠪᠠᠷ ᠬᠤᠷᠢᠭᠯᠠᠵᠤ | ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ | ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠪᠠ᠃ ᠪᠢᠳᠡ ᠤᠷᠢᠳ | ᠡᠮᠦᠨ᠎ᠡ ᠪᠠᠶᠢᠭ᠎ᠠ ᠦᠭᠡᠢ ᠢᠯᠵᠠᠷᠠᠯ ᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ︽ᠮᠢᠩᠭ᠎ᠠ ᠲᠦᠮᠡᠨ ᠬᠥᠮᠥᠨ ᠲᠠᠢ | ᠮᠠᠭᠤᠳᠠᠯᠴᠠᠭᠰᠠᠨ ᠴᠤ ᠠᠷᠪᠠᠨ ᠲᠦᠷᠪᠡᠨ ᠳ᠋ᠦᠩᠰᠢᠭᠤᠷ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠡᠭᠦᠷᠭᠡ | ᠬᠠᠷᠢᠭᠤᠴᠠᠯᠭ᠎ᠠ ᠪᠠᠷ ᠠᠷᠬᠠᠭ ᠭᠡᠮ ᠢ ᠠᠷᠢᠯᠭᠠᠨ ᠰᠠᠮᠠᠭᠤᠷᠠᠯ ᠢ ᠵᠠᠰᠠᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠭ᠋ᠤ︾ | ᠂ ︽ᠦᠨᠡᠭᠡ ᠶᠢ ᠠᠩᠨᠠᠬᠤ︾ ᠶᠢ ᠵᠡᠷᠭᠡ ᠪᠠᠷ ᠶᠠᠪᠤᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ | ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ | ᠣᠷᠣᠰᠢᠵᠤ ᠪᠠᠶᠢᠭ᠎ᠠ ᠬᠦᠨᠳᠦ ᠨᠣᠴᠢᠲᠠᠢ ᠲᠠᠯᠳᠠ ᠭᠡᠮ ᠢ ᠠᠷᠢᠯᠭᠠᠵᠤ᠂ ᠨᠠᠮ ᠪᠠ ᠠᠷᠠᠳ ᠲᠦᠮᠡᠨ ᠠᠴᠠ | ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ | ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠨᠡ ᠬᠦ ᠰᠠᠮᠠᠭᠤᠷᠠᠯ ᠢ ᠵᠠᠰᠠᠵᠤ | ᠮᠠᠨᠳᠤᠵᠤ ᠪᠠᠭᠤᠷᠠᠬᠤ ᠲᠡᠦᠬᠡᠨ ᠦᠶᠡᠯᠡᠯ ᠠᠴᠠ ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ | ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ | ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ | ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ | ᠰᠤᠷᠲᠠᠯ ᠴᠢᠬᠡᠴᠢ ᠣᠪᠣᠷ ᠲᠥᠪ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ | ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ | ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠨᠠᠮ | ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢ | ᠭᠦᠢᠴᠡᠳ ᠨᠤᠲᠠᠯᠠᠬᠤ ᠶᠢᠨ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂ | ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ | ᠡᠭᠦᠨ ᠳᠤ ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠠᠰᠠᠭᠤᠳᠠᠯ ᠮᠥᠨ | ᠲᠣᠪᠣᠶᠢᠮ᠎ᠠ ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ ᠤᠯᠠᠨ ᠬᠠᠷᠰᠢ | ᠰᠠᠭᠠᠳ ᠬᠤᠷᠢᠭ᠎ᠠ ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ︔ ᠠᠮᠤ ᠪᠤᠳᠠᠭ᠎ᠠ᠂ ᠡᠨᠧᠷᠭᠢ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ ᠪᠠ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠪᠠᠰᠠ ᠮᠠᠰᠢ ᠤᠯᠠᠨ ᠴᠢᠬᠤᠯᠠ ᠶᠡᠭᠡ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠳᠤ ᠪᠠᠰᠠ ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ | ᠴᠢᠬᠤᠯᠠᠲᠠᠢ ᠪᠠᠶᠢᠨ᠎ᠠ ︔ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ | ᠥᠷᠢᠰᠦᠯᠳᠦᠭᠡᠨ ᠣᠷᠣᠰᠢᠵᠤ ᠪᠠᠶᠢᠨ᠎ᠠ ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ | ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠯᠡ ᠨᠡᠯᠢᠶᠡᠳ ᠶᠡᠭᠡ ᠪᠠᠶᠢᠨ᠎ᠠ ︔ ᠣᠯᠠᠨ | ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠶᠢᠳᠠᠨ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ | ᠣᠷᠣᠨ ᠰᠠᠭᠤᠴᠠ ᠵᠡᠷᠭᠡ ᠲᠠᠯ᠎ᠠ ᠪᠠᠷ ᠴᠥᠭᠡᠨ ᠪᠤᠰᠤ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠨ᠎ᠠ ︔ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ ︔ ᠵᠠᠷᠢᠮ ᠨᠠᠮ ᠤᠨ ᠭᠡᠰᠢᠭᠦᠨ᠂ ᠺᠠᠳ᠋ᠷ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠳᠤᠲᠠᠮᠠᠭ᠂ ᠲᠡᠮᠡᠴᠡᠯ ᠤᠨ ᠡᠷᠳᠡᠮ ᠴᠢᠳᠠᠪᠤᠷᠢ | ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ᠬᠦᠷᠦᠯᠴᠡᠬᠦ ᠦᠭᠡᠢ ᠪᠠᠶᠢᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠣᠶᠢᠮ᠎ᠠ ᠪᠠᠶᠢᠨ᠎ᠠ ︔ ᠢᠯᠵᠠᠷᠠᠯ ᠤᠨ ᠡᠭᠦᠰᠭᠦ | ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠶᠢᠬᠤ ᠵᠡᠷᠭᠡ᠃ ᠡᠳᠡᠭᠡᠷ | ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠭᠰᠡᠨ ᠪᠠᠶᠢᠨ᠎ᠠ᠂ | ᠬᠤᠶᠢᠰᠢᠳᠠ ᠡᠷᠬᠡᠪᠰᠢ ᠠᠵᠢᠯ ᠤᠨ ᠡᠷᠴᠢᠮ ᠢᠶᠠᠨ ᠨᠡᠩ ᠴᠢᠩᠭᠠᠷᠠᠭᠤᠯᠬᠤ ᠬᠡᠷᠡᠭᠲᠡᠢ᠃ ᠨᠥᠬᠦᠳ | ᠠ᠋︕ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠨᠠᠮ ᠪᠣᠯᠣᠨ ᠠᠷᠠᠳ ᠲᠦᠮᠡᠨ ᠬᠠᠮᠲᠤ ᠪᠠᠷ | ᠮᠡᠷᠡᠶᠢᠵᠦ ᠪᠠᠶᠢᠭᠠᠳ ᠣᠯᠣᠭᠰᠠᠨ ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ ᠲᠡᠮᠡᠴᠡᠵᠦ ᠪᠠᠶᠢᠭᠠᠳ | ᠣᠯᠣᠭᠰᠠᠨ ᠶᠤᠮ︕ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ | ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠠ ᠡᠯ᠎ᠡ ᠡᠲᠡᠭᠡᠳ ᠤᠨ ᠡᠬᠡ ᠣᠷᠣᠨᠴᠢ ᠬᠥᠮᠥᠰ᠂ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ᠂ ᠣᠣᠮᠧᠨ ᠤᠨᠴᠠᠭᠠᠢ ᠵᠠᠰᠠᠭ | ᠵᠠᠬᠢᠷᠭᠠᠨ ᠤ ᠣᠷᠣᠨ ᠤ ᠠᠬ᠎ᠠ ᠳᠡᠭᠦᠦ ᠨᠠᠷ ᠪᠠ ᠲᠠᠶᠢᠸᠠᠨ ᠤ ᠠᠬ᠎ᠠ ᠳᠡᠭᠦᠦ ᠨᠠᠷ ᠵᠢᠴᠢ ᠥᠷᠭᠡᠨ | ᠤᠯᠠᠨ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ | ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ | ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ | ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯᠲᠤ ᠴᠢᠨᠠᠷᠲᠠᠢ | ᠳᠠᠪᠲᠠᠯᠲᠠ ᠶᠢᠨ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ | ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ | ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠵᠤ᠂ ᠨᠠᠮ ᠪᠣᠯᠣᠨ ᠠᠷᠠᠳ ᠲᠦᠮᠡᠨ ᠴᠢᠰᠤ | ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ | ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ | ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ | ᠪᠣᠯᠣᠨ ᠰᠢᠯᠭᠠᠯᠲᠠ ᠶᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠭᠦ ᠤᠯᠤᠰ ᠤᠨ ᠠᠷᠠᠳ ᠲᠦᠮᠡᠨ ᠤ | ᠲᠦᠰᠢᠭ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠪᠠ᠃ ᠳᠤᠮᠳᠠᠳᠤ ᠤᠯᠤᠰ ᠤᠨ | ᠠᠷᠠᠳ ᠲᠦᠮᠡᠨ ᠤ ᠤᠷᠤᠭᠰᠢᠯᠠᠯᠲᠠ ᠶᠢᠨ ᠬᠦᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠵᠤ᠂ ᠲᠡᠮᠡᠴᠡᠯ ᠤᠨ ᠵᠣᠷᠢᠭ ᠰᠠᠨᠠᠭ᠎ᠠ | ᠨᠡᠩ ᠴᠤᠭ ᠪᠠᠳᠠᠷᠠᠩᠭᠤᠢ ᠪᠣᠯᠵᠤ᠂ ᠯᠠᠪᠲᠠᠢ ᠢᠯᠠᠯᠲᠠ ᠣᠯᠬᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ᠂ ᠨᠡᠩ | ᠴᠢᠩᠭ᠎ᠠ ᠲᠡᠦᠬᠡ ᠶᠢᠨ ᠤᠬᠠᠮᠰᠠᠷ ᠪᠣᠯᠣᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ | ᠪᠣᠰᠴᠤ ᠵᠣᠭᠰᠣᠭᠰᠠᠨ᠂ ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ | ᠢᠲᠡᠭᠡᠯ ᠲᠡᠭᠦᠯᠳᠡᠷ ᠢᠶᠠᠷ ᠠᠬᠢᠭᠤᠯᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠠᠵᠤ ᠠᠬᠤᠢ ᠶᠢᠨ ᠲᠦᠷᠭᠡᠨ | ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ ᠪᠠᠶᠢᠳᠠᠯ ᠭᠡᠬᠦ ᠬᠤᠶᠠᠷ ᠶᠡᠭᠡ | ᠭᠠᠶᠢᠬᠠᠮᠰᠢᠭ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ ᠬᠥᠭᠵᠢᠯᠲᠡ ᠨᠡᠩ | ᠪᠠᠲᠤ ᠪᠠᠬᠢ ᠪᠣᠳᠠᠰ ᠤᠨ ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ ᠲᠠᠢ ᠪᠣᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ | ᠦᠭᠡᠢ ᠲᠡᠦᠬᠡᠨ ᠠᠬᠢᠴᠠ ᠳᠤ ᠣᠷᠣᠪᠠ᠃ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠬᠤᠷᠢᠨ ᠨᠢᠭᠡᠳᠦᠭᠡᠷ ᠵᠠᠭᠤᠨ ᠤ | ᠳᠤᠮᠳᠠᠳᠤ ᠤᠯᠤᠰ ᠲᠤ ᠴᠤᠭ ᠪᠠᠳᠠᠷᠠᠩᠭᠤᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ | ᠰᠢᠨ᠎ᠡ ᠰᠣᠩᠭᠤᠯᠲᠠ ᠶᠢ ᠬᠠᠩᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ | ᠲᠦᠮᠡᠨ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠨᠡᠩ | ᠤᠯᠠᠨ ᠨᠡᠩ ᠰᠠᠶᠢᠨ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ᠂ ᠳᠤᠮᠳᠠᠳᠤ | ᠤᠯᠤᠰ ᠤᠨ ᠬᠦᠴᠦᠨ ᠢ ᠬᠠᠩᠭᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ | ᠳᠡᠭᠡᠳᠦ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠪᠡ︕ ᠬᠤᠶᠠᠷ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠡ | ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ ᠤᠯᠤᠰ ᠢᠶᠠᠨ ᠪᠠᠶᠢᠭᠤᠯᠬᠤ᠂ ᠨᠠᠮ ᠢᠶᠠᠨ | ᠮᠠᠨᠳᠤᠭᠤᠯᠵᠤ ᠤᠯᠤᠰ ᠢᠶᠠᠨ ᠮᠠᠨᠳᠤᠭᠤᠯᠬᠤ ᠶᠢᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠮᠥᠨ᠃ | ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ | ᠰᠠᠶᠢᠨ ᠪᠠᠶᠢᠬᠤ᠂ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠰᠠᠶᠢᠨ ᠪᠠᠶᠢᠬᠤ ᠳᠤ ᠪᠤᠢ | ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠪᠡ᠃ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ | ᠤᠨᠤᠯ ᠤᠨ ᠵᠢᠯᠣᠭᠤᠳᠤᠯᠭ᠎ᠠ ᠲᠠᠢ ᠪᠠᠶᠢᠬᠤ ᠪᠣᠯ ᠮᠠᠨ ᠤ ᠨᠠᠮ ᠤᠨ ᠢᠲᠡᠭᠡᠯ ᠪᠢᠰᠢᠷᠡᠯ ᠢᠶᠠᠨ ᠪᠠᠲᠤᠳᠬᠠᠵᠤ᠂ | ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠶᠢᠨ ᠦᠨᠳᠦᠰᠦ ᠪᠣᠯᠣᠨ᠎ᠠ᠃ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠪᠣᠯ ᠦᠨᠡᠨ ᠶᠣᠰᠣ ᠶᠢ ᠬᠥᠭᠡᠭᠡᠴᠡᠯᠳᠦᠬᠦ᠂ | ᠦᠨᠡᠨ ᠶᠣᠰᠣ ᠶᠢ ᠢᠯᠡᠷᠡᠭᠦᠯᠭᠦ᠂ ᠦᠨᠡᠨ ᠶᠣᠰᠣ ᠶᠢ ᠪᠠᠲᠤᠲᠠᠢ ᠬᠡᠷᠡᠭᠵᠢᠭᠦᠯᠬᠦ ᠶᠠᠪᠤᠴᠠ ᠮᠥᠨ᠃ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠪᠠ ᠦᠢᠯᠡᠳᠦᠯᠭᠡ ᠶᠢᠨ | ᠰᠢᠨ᠎ᠡ ᠱᠠᠭᠠᠷᠳᠠᠯᠭ᠎ᠠ ᠨᠢ ᠪᠢᠳᠡᠨ ᠤ ᠤᠨᠤᠯ ᠪᠠ ᠦᠢᠯᠡᠳᠦᠯᠭᠡ ᠶᠢᠨ ᠤᠶᠠᠯᠳᠤᠯ ᠤᠨ ᠲᠠᠯ᠎ᠠ ᠠᠴᠠ ᠨᠠᠮ ᠪᠠ | ᠤᠯᠤᠰ ᠤᠨ ᠠᠵᠢᠯ ᠦᠢᠯᠡᠰ ᠤᠨ ᠬᠥᠭᠵᠢᠯᠲᠡ᠂ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ | ᠬᠤᠯᠪᠣᠭᠳᠠᠬᠤ ᠠᠯᠢ ᠤᠯᠠᠨ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠭᠦᠨᠵᠡᠭᠡᠢ ᠬᠠᠷᠢᠭᠤᠯᠲᠠ | ᠥᠭᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠮᠠᠨ ᠤ ᠨᠠᠮ ᠵᠣᠷᠢᠭᠲᠠᠢ ᠪᠠᠷ ᠤᠨᠤᠯ ᠤᠨ ᠰᠦᠪᠡᠭᠴᠢᠯᠡᠯᠲᠡ ᠪᠠ | ᠰᠢᠨ᠎ᠡ ᠡᠭᠦᠳᠦᠯᠲᠡ ᠬᠢᠵᠦ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠴᠢᠬᠤᠯᠠ ᠶᠡᠭᠡ | ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠭᠠᠨ ᠲᠥᠪᠯᠡᠷᠡᠩᠭᠦᠢ ᠢᠯᠡᠷᠡᠭᠦᠯᠪᠡ᠃ | ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ | ᠬᠤᠷᠠᠯ ᠠᠴᠠ ᠳᠤᠷᠠᠳᠤᠭᠰᠠᠨ ︽ᠠᠷᠪᠠ ᠶᠢ ᠲᠣᠳᠣᠷᠬᠠᠶᠢᠯᠠᠬᠤ︾᠂ ︽ᠠᠷᠪᠠᠨ ᠳᠥᠷᠪᠡ ᠶᠢ ᠪᠠᠷᠢᠮᠲᠠᠯᠠᠬᠤ︾ | ᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ ᠭᠤᠣᠯ ᠠᠭᠤᠯᠭ᠎ᠠ ᠶᠢ ᠬᠤᠷᠢᠶᠠᠩᠭᠤᠶᠢᠯᠠᠪᠠ᠂ | ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠵᠦᠪᠭᠡᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠬᠤᠪᠢᠰᠤᠩᠭᠤᠢ ᠪᠣᠳᠠᠰᠴᠢ ᠦᠵᠡᠯ ᠪᠠ ᠲᠡᠦᠬᠡ ᠶᠢᠨ | ᠪᠣᠳᠠᠰᠴᠢ ᠦᠵᠡᠯ ᠢ ᠬᠡᠷᠡᠭᠯᠡᠬᠦ ᠶᠢ ᠪᠠᠷᠢᠮᠲᠠᠯᠠᠪᠠᠯ ᠰᠠᠶ᠋ᠢ ᠴᠠᠭ ᠦᠶ᠎ᠡ ᠪᠠ ᠦᠢᠯᠡᠳᠦᠯᠭᠡ ᠶᠢᠨ ᠳᠤᠷᠠᠳᠤᠭᠰᠠᠨ | ᠴᠢᠬᠤᠯᠠ ᠶᠡᠭᠡ ᠠᠰᠠᠭᠤᠯᠳᠠ ᠳᠤ ᠵᠥᠪ ᠬᠠᠷᠢᠭᠤᠯᠲᠠ ᠥᠭᠴᠦ᠂ ᠰᠠᠶ᠋ᠢ ᠮᠠᠷᠺᠰ ᠤᠨ ᠦᠵᠡᠯ ᠤᠨ ᠴᠤᠭ ᠪᠠᠳᠠᠷᠠᠩᠭᠤᠢ | ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠳᠤ ᠰᠣᠷᠭᠤᠭ ᠬᠦᠴᠦᠨ ᠢ ᠢᠮᠠᠭᠲᠠ | ᠪᠠᠲᠤᠯᠠᠵᠤ ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ ᠬᠠᠮᠲᠤᠴᠤᠳ ᠭᠦᠨᠵᠡᠭᠡᠢ ᠲᠠᠨᠢᠵᠤ ᠣᠯᠣᠭᠰᠠᠨ ᠪᠠᠶᠢᠨ᠎ᠠ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ ᠪᠠᠶᠢᠭ᠎ᠠ ᠨᠢ ᠲᠡᠭᠦᠨ ᠤ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ | ᠠᠷᠭ᠎ᠠ ᠶᠢᠨ ᠤᠨᠤᠯ ᠢᠶᠠᠷ ᠳᠤᠮᠳᠠᠳᠤ ᠤᠯᠤᠰ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ | ᠬᠠᠷᠢᠨ ᠲᠡᠭᠦᠨ ᠤ ᠪᠣᠳᠠᠲᠠᠢ ᠳ᠋ᠦᠩᠨᠡᠯᠲᠡ ᠪᠠ ᠦᠭᠡ ᠥᠭᠦᠯᠡᠪᠦᠷᠢ ᠶᠢ ᠴᠡᠭᠡᠵᠢᠯᠡᠬᠦ ᠪᠠ ᠳᠠᠪᠲᠠᠬᠤ ᠶᠢᠨ ᠲᠥᠯᠥᠭᠡ ᠪᠢᠰᠢ᠂ | ᠨᠡᠩ ᠴᠤ ᠮᠠᠷᠺᠰ ᠤᠨ ᠦᠵᠡᠯ ᠢ ᠬᠡᠵᠢᠶᠡᠳᠡ ᠬᠤᠪᠢᠷᠠᠰᠢ ᠦᠭᠡᠢ ᠨᠣᠮᠯᠠᠯ ᠪᠤᠯᠭᠠᠵᠤ ᠪᠤᠯᠬᠤ ᠦᠭᠡᠢ᠃ ᠪᠢᠳᠡ ᠡᠷᠬᠡᠪᠰᠢ ᠦᠵᠡᠯ | ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ | ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠴᠦ᠂ ᠰᠢᠨ᠎ᠡ ᠴᠠᠭ | ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠳᠤᠮᠳᠠᠳᠤ | ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ | ᠠᠰᠠᠭᠤᠯᠲᠠ ᠳᠤ ᠲᠠᠰᠤᠷᠠᠯᠳᠠ ᠦᠭᠡᠢ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ | ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠵᠥᠪ ᠬᠠᠷᠢᠭᠤᠯᠲᠠ ᠥᠭᠴᠦ᠂ ᠪᠤᠰᠤᠳᠴᠢ ᠵᠢᠮ᠎ᠡ ᠶᠣᠰᠣᠨ ᠳᠤ ᠨᠡᠶᠢᠴᠡᠭᠰᠡᠨ | ᠰᠢᠨᠵᠢᠯᠡᠬᠦ ᠤᠬᠠᠭᠠᠨᠴᠢ ᠲᠠᠨᠢᠯᠲᠠ ᠶᠢ ᠳ᠋ᠦᠩᠨᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠤᠨᠤᠯ ᠤᠨ ᠦᠷ᠎ᠡ | ᠪᠦᠲᠦᠭᠡᠯ ᠢ ᠪᠤᠢ ᠪᠤᠯᠭᠠᠵᠤ᠂ ᠳᠤᠮᠳᠠᠳᠤ ᠤᠯᠤᠰ ᠤᠨ ᠦᠢᠯᠡᠳᠦᠯᠭᠡ ᠶᠢ ᠨᠡᠩ ᠰᠠᠶᠢᠲᠤᠷ ᠵᠢᠯᠤᠭᠤᠳᠬᠤ ᠬᠡᠷᠡᠭᠲᠡᠢ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠬᠡᠷᠡᠭᠲᠡᠢ᠃ ᠵᠦᠪᠭᠡᠨ ᠲᠤᠰ ᠤᠯᠤᠰ᠂ ᠲᠤᠰ ᠦᠨᠳᠦᠰᠦᠲᠡᠨ ᠤ ᠲᠡᠦᠬᠡ ᠰᠣᠶᠣᠯ ᠤᠨ ᠥᠩ ᠰᠢᠮᠡᠯᠢᠭ | ᠬᠥᠷᠥᠰᠥᠨ ᠳᠤ ᠦᠨᠳᠦᠰᠦᠯᠡᠪᠡᠯ ᠰᠠᠶ᠋ᠢ ᠮᠠᠷᠺᠰ ᠤᠨ ᠦᠵᠡᠯ ᠤᠨ ᠦᠨᠡᠨ ᠶᠣᠰᠣᠨ ᠤ ᠮᠣᠳᠣ ᠦᠨᠳᠦᠰᠦ | ᠭᠦᠨ ᠨᠠᠪᠴᠢ ᠰᠠᠬᠤᠯᠢᠭ ᠪᠠᠶᠢᠵᠤ ᠴᠢᠳᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠥᠨᠢ ᠤᠳᠠᠭᠠᠨ ᠤᠯᠠᠮᠵᠢᠯᠠᠯ ᠲᠠᠢ᠂ | ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ᠂ ᠲᠡᠷᠡ ᠪᠣᠯ ᠳᠤᠮᠳᠠᠳᠤ ᠶᠢᠨ ᠪᠣᠯᠪᠠᠰᠤᠨ ᠤ ᠤᠶᠤᠨ ᠤᠬᠠᠭᠠᠨ ᠤ ᠤᠭᠢ ᠲᠠᠯᠠᠰᠲᠤ ᠮᠥᠨ᠂ | ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ ᠡᠷᠬᠡ ᠶᠢ ᠲᠦᠮᠡᠨ ᠤ ᠬᠢ ᠪᠤᠯᠭᠠᠬᠤ᠂ ᠠᠷᠠᠳ ᠲᠦᠮᠡᠨ ᠢᠶᠠᠷ ᠤᠯᠤᠰ ᠣᠷᠣᠨ ᠤ | ᠦᠨᠳᠦᠰᠦ ᠪᠤᠯᠭᠠᠬᠤ᠂ ᠤᠯᠤᠰ ᠢ ᠶᠣᠰᠣ ᠮᠣᠷᠠᠯ ᠢᠶᠠᠷ ᠵᠠᠰᠠᠬᠤ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ᠂ | ᠡᠷᠳᠡᠮᠲᠡᠨ ᠮᠡᠷᠭᠡᠳ ᠢ ᠯᠡ ᠬᠡᠷᠡᠭᠯᠡᠬᠦ᠂ ᠲᠡᠭᠷᠢ ᠬᠥᠮᠥᠨ ᠨᠢᠭᠡᠳᠭᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ | ᠶᠣᠰᠣ ᠮᠣᠷᠠᠯ ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠢᠲᠡᠭᠡᠯ ᠢ ᠡᠷᠬᠢᠮᠯᠡᠨ ᠡᠪ ᠨᠠᠶᠢᠷ ᠢ ᠡᠷᠭᠢᠮᠯᠡᠭᠦ᠂ ᠬᠥᠷᠰᠢ | ᠵᠡᠷᠭᠡᠯᠡᠳᠡᠭᠡ ᠲᠠᠢ ᠪᠠᠨ ᠳᠣᠲᠣᠨᠣ ᠨᠥᠭᠦᠷᠰᠡᠭ ᠢᠶᠠᠷ ᠶᠠᠪᠤᠯᠴᠠᠬᠤ ᠵᠡᠷᠭᠡ ᠪᠣᠯ | ᠳᠤᠮᠳᠠᠳᠤ ᠤᠯᠤᠰ ᠤᠨ ᠠᠷᠠᠳ ᠲᠦᠮᠡᠨ ᠤ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ | ᠬᠤᠷᠠᠮᠳᠤᠭᠤᠯᠤᠭᠰᠠᠨ ᠣᠷᠴᠢᠯᠠᠩ ᠤᠨ ᠦᠵᠡᠯᠲᠡ᠂ ᠶᠢᠷᠲᠢᠨᠴᠦ ᠶᠢᠨ ᠦᠵᠡᠯᠲᠡ᠂ | ᠨᠡᠶᠢᠭᠡᠮ ᠤᠨ ᠦᠵᠡᠯᠲᠡ᠂ ᠶᠣᠰᠣ ᠰᠤᠷᠲᠠᠬᠤᠨ ᠤ ᠦᠵᠡᠯᠲᠡ ᠶᠢᠨ ᠴᠢᠬᠤᠯᠠ ᠢᠯᠡᠷᠡᠯ ᠮᠥᠨ᠂ ᠲᠡᠷᠡ ᠨᠢ | ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠦᠷᠳᠡᠭ ᠤᠨ ᠦᠵᠡᠯᠲᠡ ᠶᠢᠨ ᠵᠣᠷᠢᠯᠲᠠ ᠲᠠᠢ ᠳᠡᠭᠡᠳᠦ ᠬᠡᠮᠵᠢᠶ᠎ᠡ ᠪᠠᠷ | ᠵᠣᠬᠢᠴᠠᠬᠤ ᠴᠢᠨᠠᠷ ᠲᠠᠢ᠃ ᠪᠢᠳᠡ ᠡᠷᠬᠡᠪᠰᠢ ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠤᠷᠭᠢᠵᠤ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠮᠠᠷᠺᠰ ᠤᠨ | ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ | ᠰᠣᠳᠣ ᠲᠠᠢ ᠨᠠᠪᠲᠠᠷᠡᠭᠦᠯᠵᠦ᠂ ᠠᠷᠠᠳ ᠤᠯᠠᠨ ᠤ ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠳᠡᠭ ᠠᠳᠠᠯ᠎ᠠ | ᠦᠯᠦ ᠢᠯᠡᠷᠡᠭᠦᠯᠦᠭᠰᠡᠨ ᠬᠠᠮᠲᠤ ᠶᠢᠨ ᠦᠷᠳᠡᠭ ᠤᠨ ᠦᠵᠡᠯᠲᠡ ᠲᠠᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ ᠤᠨᠤᠯ ᠳᠤ | ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠢ ᠲᠠᠰᠤᠷᠠᠯᠳᠠ ᠦᠭᠡᠢ ᠣᠯᠭᠤᠵᠤ᠂ ᠮᠠᠷᠺᠰ ᠤᠨ ᠦᠵᠡᠯ ᠤᠨ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠲᠡᠦᠬᠡ ᠶᠢᠨ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠲᠠᠰᠤᠷᠠᠯᠳᠠ | ᠦᠭᠡᠢ ᠪᠠᠬᠢᠵᠢᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰ ᠲᠤ ᠪᠠᠲᠤ ᠦᠨᠳᠦᠰᠦᠯᠡᠭᠦᠯᠬᠦ ᠬᠡᠷᠡᠭᠲᠡᠢ᠃ | ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨ᠎ᠡ ᠶᠢ ᠡᠭᠦᠳᠭᠦ ᠴᠦ ᠬᠢᠵᠠᠭᠠᠷ ᠦᠭᠡᠢ ᠶᠤᠮ᠃ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠪᠣᠯ ᠤᠳᠤ | ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ | ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠬᠤ ᠳᠤ᠂ ᠶᠠᠭᠤᠨ ᠤ ᠡᠮᠦᠨ᠎ᠡ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ | ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ | ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠬᠦ ᠬᠡᠷᠡᠭᠲᠡᠢ᠃ — ᠡᠷᠬᠡᠪᠰᠢ ᠠᠷᠠᠳ | ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳᠴᠢ ᠴᠢᠨᠠᠷ ᠪᠣᠯ ᠮᠠᠷᠺᠰ ᠤᠨ ᠦᠵᠡᠯ ᠤᠨ ᠮᠥᠨ | ᠴᠢᠨᠠᠷ ᠤᠨ ᠰᠢᠨᠵᠢ ᠮᠥᠨ᠂ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠵᠦ᠂ ᠠᠷᠠᠳ ᠲᠦᠮᠡᠨ ᠤ ᠲᠥᠯᠥᠭᠡ᠂ | ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ | ᠤᠨᠤᠯ ᠤᠨ ᠰᠢᠨ᠎ᠡ ᠡᠭᠦᠳᠦᠯᠲᠡ ᠶᠢᠨ ᠰᠢᠷᠭᠢᠰᠢ ᠦᠭᠡᠢ ᠡᠬᠢ ᠪᠤᠯᠠᠭ ᠮᠥᠨ᠃ ᠠᠷᠠᠳ ᠲᠦᠮᠡᠨ ᠠᠴᠠ | ᠰᠠᠯᠤᠩᠬᠢᠷᠠᠭᠰᠠᠨ ᠠᠯᠢᠪᠠ ᠤᠨᠤᠯ ᠴᠥᠮ ᠬᠡᠢ ᠬᠤᠭᠤᠰᠤᠨ ᠬᠦᠴᠦᠨ ᠦᠭᠡᠢ ᠶᠤᠮ᠂ ᠠᠷᠠᠳ | ᠲᠦᠮᠡᠨ ᠳᠤ ᠪᠤᠶᠠᠨ ᠦᠢᠯᠡᠳᠭᠦ ᠦᠭᠡᠢ ᠠᠯᠢᠪᠠ ᠤᠨᠤᠯ ᠴᠥᠮ ᠠᠮᠢᠵᠢᠷᠠᠯ ᠤᠨ ᠬᠦᠴᠦᠨ ᠦᠭᠡᠢ ᠶᠤᠮ᠃ | ᠪᠢᠳᠡ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ | ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠭᠦᠨᠳᠦᠳᠭᠡᠵᠦ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ | ᠠᠷᠠᠳ ᠲᠦᠮᠡᠨ ᠳᠤ ᠲᠠᠭᠠᠰᠢᠶᠠᠭᠳᠠᠭᠰᠠᠨ᠂ ᠮᠡᠳᠡᠷᠡᠭᠳᠡᠭᠰᠡᠨ᠂ ᠡᠵᠡᠮᠰᠢᠭᠳᠡᠭᠰᠡᠨ ᠤᠨᠤᠯ ᠢ ᠪᠤᠢ ᠪᠤᠯᠭᠠᠵᠤ᠂ ᠲᠡᠭᠦᠨ ᠢ ᠠᠷᠠᠳ | ᠲᠦᠮᠡᠨ ᠤ ᠶᠢᠷᠲᠢᠨᠴᠦ ᠶᠢ ᠲᠠᠨᠢᠬᠤ ᠪᠠ ᠶᠢᠷᠲᠢᠨᠴᠦ ᠶᠢ ᠥᠭᠡᠷᠡᠴᠢᠯᠡᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ | ᠰᠠᠨᠠᠭᠠᠨ ᠤ ᠵᠡᠪᠰᠡᠭ ᠪᠤᠯᠭᠠᠬᠤ ᠬᠡᠷᠡᠭᠲᠡᠢ᠃ — ᠡᠷᠬᠡᠪᠰᠢ ᠢᠲᠡᠭᠡᠯ ᠵᠣᠷᠢᠭ ᠲᠠᠢ ᠪᠠᠶᠢᠵᠤ | ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠲᠦᠮᠡᠨ ᠪᠣᠯᠣᠨ | ᠳᠤᠮᠳᠠᠳᠤ ᠶᠢᠨ ᠦᠨᠳᠦᠰᠦᠲᠡᠨ ᠣᠶᠢᠷ᠎ᠠ ᠦᠶ᠎ᠡ ᠠᠴᠠ ᠨᠠᠭᠠᠰᠢᠬᠢ ᠬᠦᠨᠳᠦ ᠬᠡᠴᠡᠭᠦᠦ ᠭᠠᠰᠠᠯᠠᠩ | ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ | ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠭᠡᠵᠦ ᠪᠠᠶᠢᠬᠤ ᠦᠭᠡᠢ᠂ ᠨᠡᠩ ᠴᠤ | ᠪᠡᠯᠡᠨ ᠬᠠᠷᠢᠭᠤᠯᠲᠠ ᠭᠡᠵᠦ ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠵᠠᠮ ᠢ ᠪᠣᠯ | ᠨᠠᠮ ᠠᠴᠠ ᠠᠷᠠᠳ ᠲᠦᠮᠡᠨ ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ | ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ | ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ | ᠨᠡᠭᠡᠭᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ ᠪᠣᠯ ᠳᠠᠷᠤᠢ | ᠳᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ᠂ | ᠳᠤᠮᠳᠠᠳᠤᠴᠤᠳ ᠥᠪᠡᠷ ᠢᠶᠠᠨ ᠬᠠᠷᠢᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ | ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ ᠪᠠᠲᠤ ᠢᠲᠡᠭᠡᠯ | ᠵᠣᠷᠢᠭ ᠢ ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ ᠬᠥᠭᠵᠢᠭᠦᠯᠬᠦ ᠳᠤ | ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠂ ᠵᠠᠪᠢ ᠳᠡᠭᠡᠷ᠎ᠡ ᠲᠡᠮᠳᠡᠭ ᠲᠠᠯᠪᠢᠵᠤ ᠵᠢᠪᠦᠭᠰᠡᠨ ᠰᠡᠯᠡᠮ᠎ᠡ ᠪᠠᠨ ᠡᠷᠢᠬᠦ᠂ ᠲᠦᠭᠵᠢᠮᠡᠯ | ᠬᠥᠰᠢᠭᠦᠨ ᠪᠠᠶᠢᠵᠤ ᠪᠤᠯᠬᠤ ᠦᠭᠡᠢ ᠮᠥᠷᠲᠡᠭᠡᠨ ᠪᠠᠰᠠ ᠲᠡᠷᠡ ᠬᠡᠪ ᠢᠶᠠᠷ ᠨᠢ ᠬᠠᠭᠤᠯᠤᠨ ᠨᠡᠭᠦᠯᠭᠡᠵᠦ᠂ | ᠭᠠᠳᠠᠭᠠᠳᠤ ᠶᠢᠨ ᠲᠤᠷᠰᠢᠯᠭ᠎ᠠ ᠶᠢ ᠲᠡᠷᠡ ᠬᠡᠪ ᠢᠶᠠᠷ ᠨᠢ ᠨᠡᠭᠦᠯᠭᠡᠨ ᠠᠪᠴᠢᠷᠠᠵᠤ ᠵᠠᠳᠠᠯᠤᠯᠲᠠ ᠬᠢᠵᠦ | ᠬᠠᠷᠢᠴᠠᠭᠤᠯᠬᠤ ᠦᠭᠡᠢ ᠪᠠᠶᠢᠵᠤ ᠪᠤᠯᠬᠤ ᠦᠭᠡᠢ᠃ — ᠡᠷᠬᠡᠪᠰᠢ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠬᠤ ᠬᠡᠷᠡᠭᠲᠡᠢ᠃ ᠪᠢᠳᠡᠨ ᠤ ᠬᠢᠵᠦ ᠪᠠᠶᠢᠭ᠎ᠠ ᠪᠣᠯ ᠤᠷᠢᠳ | ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠮᠥᠨ᠂ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ | ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ ᠰᠢᠨ᠎ᠡ ᠶᠢ | ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠪᠢᠳᠡ | ᠰᠢᠨᠵᠢᠯᠡᠬᠦ ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ | ᠰᠠᠨᠠᠭ᠎ᠠ ᠪᠠᠷ ᠦᠨᠡᠨ ᠶᠣᠰᠣ ᠶᠢ ᠬᠥᠭᠡᠭᠡᠴᠡᠯᠳᠦᠵᠦ᠂ ᠮᠠᠷᠺᠰ ᠤᠨ ᠦᠵᠡᠯ ᠤᠨ ᠦᠨᠳᠦᠰᠦᠨ ᠤᠭ | ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ | ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ | ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ ᠬᠡᠬᠦᠳᠡᠭ | ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨ᠎ᠡ ᠬᠡᠷᠡᠭ ᠪᠣᠳᠠᠰ ᠲᠤ ᠬᠠᠨᠳᠤᠵᠤ᠂ ᠲᠠᠨᠢᠯᠲᠠ ᠶᠢᠨ ᠥᠷᠭᠡᠴᠡ | ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ ᠬᠡᠯᠡᠵᠦ ᠥᠩᠭᠡᠷᠡᠭᠰᠡᠨ ᠦᠭᠡᠢ ᠰᠢᠨ᠎ᠡ ᠦᠭᠡ ᠶᠢ | ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ ᠦᠭᠡᠢ ᠶᠠᠪᠤᠳᠠᠯ ᠢ ᠵᠣᠷᠢᠭᠲᠠᠢ ᠬᠢᠵᠦ᠂ ᠰᠢᠨ᠎ᠡ ᠤᠨᠤᠯ ᠢᠶᠠᠷ | ᠰᠢᠨ᠎ᠡ ᠦᠢᠯᠡᠳᠦᠯᠭᠡ ᠶᠢ ᠵᠢᠯᠤᠭᠤᠳᠬᠤ ᠬᠡᠷᠡᠭᠲᠡᠢ᠃ — ᠡᠷᠬᠡᠪᠰᠢ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠪᠣᠯ ᠴᠠᠭ ᠦᠶ᠎ᠡ ᠶᠢᠨ ᠲᠠᠭᠤᠨ ᠮᠥᠨ᠂ | ᠠᠰᠠᠭᠤᠳᠠᠯ ᠢ ᠬᠠᠷᠢᠭᠤᠯᠵᠤ ᠵᠢᠯᠣᠭᠤᠳᠤᠨ ᠰᠢᠢᠳᠪᠦᠷᠢᠯᠡᠬᠦ ᠪᠣᠯ ᠤᠨᠤᠯ ᠤᠨ ᠦᠨᠳᠦᠰᠦᠨ ᠡᠭᠦᠷᠭᠡ ᠮᠥᠨ᠃ | ᠥᠨᠥᠳᠥᠷ ᠪᠢᠳᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠪᠤᠳᠤᠯᠢᠶᠠᠨᠲᠤ ᠬᠡᠮᠵᠢᠶ᠎ᠡ᠂ ᠠᠰᠠᠭᠤᠳᠠᠯ ᠢ ᠰᠢᠢᠳᠪᠦᠷᠢᠯᠡᠬᠦ | ᠪᠡᠷᠬᠡ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠤᠨᠤᠯ ᠤᠨ ᠰᠢᠨ᠎ᠡ ᠡᠭᠦᠳᠦᠯᠲᠡ ᠳᠤ ᠴᠣ ᠰᠢᠨ᠎ᠡ | ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ | ᠦᠢᠯᠡᠳᠦᠯᠭᠡ ᠳᠤ ᠲᠤᠯᠭᠠᠷᠠᠭᠰᠠᠨ ᠰᠢᠨ᠎ᠡ ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠ ᠣᠷᠣᠰᠢᠵᠤ | ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ᠂ ᠤᠯᠠᠨ ᠤᠯᠤᠰ ᠤᠨ ᠬᠤᠪᠢᠷᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ᠂ | ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠠᠷᠭ᠎ᠠ ᠶᠢ ᠲᠠᠰᠤᠷᠠᠯᠳᠠ ᠦᠭᠡᠢ | ᠳᠤᠷᠠᠳᠤᠨ ᠭᠠᠷᠭᠠᠬᠤ ᠬᠡᠷᠡᠭᠲᠡᠢ᠃ — ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠲᠦᠮᠡᠨ | ᠬᠡᠷᠡᠭ ᠪᠣᠳᠠᠰ ᠬᠠᠷᠢᠯᠴᠠᠨ ᠬᠤᠯᠪᠣᠯᠳᠤᠵᠤ᠂ ᠬᠠᠷᠢᠯᠴᠠᠨ ᠲᠦᠰᠢᠭᠯᠡᠯᠴᠡᠨ ᠣᠷᠣᠰᠢᠵᠤ ᠪᠠᠶᠢᠳᠠᠭ᠃ ᠭᠠᠭᠴᠠ ᠬᠦ | ᠲᠦᠭᠡᠮᠡᠯ ᠬᠤᠯᠪᠤᠭ᠎ᠠ ᠲᠠᠢ᠂ ᠪᠦᠭᠦ ᠲᠠᠯ᠎ᠠ ᠶᠢᠨ ᠰᠢᠰᠲ᠋ᠧᠮᠲᠦ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ | ᠬᠡᠷᠡᠭ ᠪᠣᠳᠠᠰ ᠢ ᠠᠵᠢᠭᠯᠠᠪᠠᠯ ᠰᠠᠶ᠋ᠢ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠵᠦ ᠴᠢᠳᠠᠨ᠎ᠠ᠃ | ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ | ᠠᠩᠬᠠᠨ ᠤ ᠱᠠᠲᠤᠨ ᠳᠤ ᠣᠷᠣᠰᠢᠵᠤ᠂ ᠶᠠᠭ ᠨᠡᠶᠢᠭᠡᠮ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ | ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ᠂ | ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠨᠢ ᠶᠡᠷᠦ ᠠᠴᠠ ᠲᠤᠶᠢᠯ ᠤᠨ ᠪᠠᠭ᠎ᠠ ᠬᠡᠰᠡᠭ ᠢ ᠭᠦᠨᠳᠡᠪᠡᠯ ᠪᠦᠭᠦ ᠲᠠᠯ᠎ᠠ ᠶᠢ | ᠨᠥᠯᠥᠭᠡᠯᠡᠵᠦ ᠮᠡᠳᠡᠨ᠎ᠠ᠃ ᠪᠢᠳᠡ ᠲᠡᠦᠬᠡ ᠪᠠᠷ ᠳᠠᠮᠵᠢᠭᠤᠯᠤᠨ ᠪᠣᠳᠠᠲᠤ ᠪᠠᠶᠢᠳᠠᠯ ᠢ ᠦᠵᠡᠵᠦ᠂ | ᠦᠵᠡᠭᠳᠡᠯ ᠢᠶᠠᠷ ᠳᠠᠮᠵᠢᠭᠤᠯᠤᠨ ᠮᠥᠨ ᠴᠢᠨᠠᠷ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠪᠦᠭᠦ ᠲᠠᠯ᠎ᠠ | ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠳᠦ᠂ ᠬᠤᠷᠸ᠎ᠠ ᠪᠠ ᠬᠤᠮᠠᠬᠢ᠂ ᠭᠤᠣᠯ ᠵᠥᠷᠢᠴᠡᠯ ᠪᠠ ᠳᠡᠳ᠋ ᠵᠥᠷᠢᠴᠡᠯ᠂ | ᠣᠨᠴᠠᠭᠠᠢ ᠪᠠ ᠡᠩ ᠤᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ | ᠲᠡᠦᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ | ᠬᠠᠤᠯᠢ ᠪᠠᠷ ᠵᠠᠰᠠᠬᠤ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠪᠠᠷᠠᠯᠠᠯᠲᠦ ᠴᠢᠨᠠᠷᠲᠠᠢ ᠪᠠᠷ ᠰᠡᠳᠭᠢᠭᠦ᠂ ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠨᠠᠮ | ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠶᠢ | ᠬᠠᠩᠭᠠᠬᠤ ᠬᠡᠷᠡᠭᠲᠡᠢ᠃ — ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ | ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ | ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ | ᠨᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ | ᠲᠥᠯᠥᠭᠡ ᠴᠢᠷᠮᠠᠶᠢᠬᠤ ᠨᠠᠮ ᠮᠥᠨ᠃ ᠪᠢᠳᠡ ᠳᠡᠯᠡᠬᠡᠢ ᠶᠢᠨ ᠬᠠᠷᠠᠭ᠎ᠠ ᠪᠠᠨ ᠥᠷᠭᠡᠳᠬᠡᠵᠦ᠂ ᠬᠥᠮᠥᠨ ᠲᠥᠷᠥᠯᠬᠢᠲᠡᠨ ᠤ | ᠬᠥᠭᠵᠢᠯᠲᠡ ᠲᠠᠪᠰᠢᠯᠳᠠ ᠶᠢᠨ ᠤᠷᠤᠰᠬᠠᠯ ᠢ ᠭᠦᠨᠵᠡᠭᠡᠢ ᠠᠵᠢᠭᠯᠠᠵᠤ᠂ ᠡᠯ᠎ᠡ ᠤᠯᠤᠰ ᠤᠨ ᠠᠷᠠᠳ ᠲᠦᠮᠡᠨ ᠤ ᠨᠡᠶᠢᠳᠡᠮ ᠠᠩᠬᠠᠷᠴᠤ | ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠬᠥᠮᠥᠨ ᠲᠥᠷᠥᠯᠬᠢᠲᠡᠨ ᠳᠤ ᠲᠤᠯᠭᠠᠷᠠᠵᠤ | ᠪᠠᠶᠢᠭ᠎ᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠬᠤᠪᠢ ᠨᠡᠮᠡᠷᠢ ᠦᠵᠡᠭᠦᠯᠵᠦ᠂ ᠠᠨᠠᠪᠠᠳ ᠲᠠᠯᠠᠢ ᠤᠯᠠᠨ | ᠤᠷᠤᠰᠬᠠᠯ ᠴᠢᠳᠬᠤᠯᠠᠩ ᠢ ᠠᠭᠤᠯᠬᠤ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠠᠯᠢᠪᠠ | ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ ᠰᠢᠩᠭᠡᠭᠡᠵᠦ᠂ ᠨᠡᠩ ᠰᠠᠶᠢᠨ ᠰᠠᠶᠢᠬᠠᠨ ᠳᠡᠯᠡᠬᠡᠢ | ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ᠂ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠤᠳᠤ ᠠᠴᠠ ᠡᠬᠢᠯᠡᠨ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠤᠷᠳᠤ | ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠭᠦ ᠰᠢᠪᠲᠤᠯᠤᠯᠲᠠ ᠪᠠᠷ ᠳᠠᠮᠵᠢᠭᠠᠳ᠂ | ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠲᠦᠯᠬᠢᠨ ᠠᠬᠢᠭᠤᠯᠵᠤ | ᠥᠷᠭᠡᠳᠬᠡᠭᠰᠡᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ | ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ | ᠪᠠᠶᠢᠳᠠᠯ ᠳᠠᠭᠠᠨ ᠰᠠᠭᠤᠷᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠶᠤᠮ᠃ — | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ ᠮᠥᠨ᠃ | ᠮᠠᠨ ᠤ ᠤᠯᠤᠰ ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦᠶᠢᠯᠡ ᠴᠣᠭᠴᠠ ᠪᠠᠷ ᠣᠳᠣᠬᠢᠴᠢᠯᠠᠭᠰᠠᠨ | ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ | ᠠᠮᠠ ᠶᠢᠨ ᠨᠡᠶᠢᠯᠡᠪᠦᠷᠢ ᠠᠴᠠ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠨᠢ ᠤᠷᠢᠳ | ᠡᠮᠦᠨ᠎ᠡ ᠪᠠᠶᠢᠭ᠎ᠠ ᠦᠭᠡᠢ ᠪᠥᠭᠡᠳ ᠬᠥᠭᠵᠢᠯᠲᠡ ᠶᠢᠨ ᠠᠷᠭ᠎ᠠ ᠵᠠᠮ ᠪᠠ ᠲᠦᠯᠬᠢᠨ ᠠᠬᠢᠭᠤᠯᠬᠤ ᠠᠷᠭ᠎ᠠ ᠮᠠᠶ᠋ᠢᠭ ᠨᠢ | ᠴᠦ ᠵᠠᠶᠢᠯᠠᠰᠢ ᠦᠭᠡᠢ ᠥᠪᠡᠷ ᠤᠨ ᠣᠨᠴᠠᠯᠢᠭ ᠲᠠᠢ ᠪᠣᠯᠤᠭᠰᠠᠨ ᠪᠠᠶᠢᠨ᠎ᠠ᠃ ᠪᠢᠳᠡ ᠢᠮᠠᠭᠲᠠ ᠤᠯᠤᠰ ᠤᠨ ᠪᠠᠶᠢᠳᠠᠯ ᠠᠴᠠ ᠪᠠᠨ | ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠪᠦᠲᠦᠭᠡᠬᠦ ᠳᠡᠭᠡᠨ | ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠮᠥᠷᠲᠡᠭᠡᠨ ᠪᠠᠰᠠ ᠬᠠᠭᠤᠴᠢᠨ ᠵᠤᠷᠰᠢᠯ ᠢᠶᠠᠨ | ᠦᠬᠦᠨ ᠪᠠᠷᠢᠮᠲᠠᠯᠠᠬᠤ ᠦᠭᠡᠢ ᠪᠠᠶᠢᠵᠤ᠂ ᠲᠡᠦᠬᠡ ᠶᠢᠨ ᠲᠡᠰᠪᠦᠷᠢ ᠲᠡᠪᠴᠢᠶᠡᠷᠢ ᠶᠢ ᠪᠠᠲᠤᠯᠠᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ | ᠣᠳᠣᠬᠢᠴᠢᠯᠠᠯᠲᠠ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠨᠢᠭᠡᠨ ᠤᠷᠳᠤ ᠬᠤᠭᠤᠴᠠᠭᠠᠨ ᠤ | ᠲᠡᠦᠬᠡᠨ ᠶᠠᠪᠤᠴᠠ ᠮᠥᠨ᠃ ᠪᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠪᠡᠶᠡᠯᠡᠭᠦᠯᠬᠦ ᠪᠠᠷ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠ | ᠲᠤᠰᠤᠯᠲᠠ ᠪᠤᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠯᠡᠨ | ᠬᠠᠮᠠᠭᠠᠯᠠᠨ ᠠᠬᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠬᠦᠴᠦᠯᠡᠨ ᠠᠬᠢᠭᠤᠯᠵᠤ᠂ | ᠬᠤᠶᠠᠷ ᠲᠤᠶᠢᠯᠰᠢᠷᠠᠯ ᠢ ᠡᠷᠡᠰ ᠰᠡᠷᠭᠡᠶᠢᠯᠡᠨ ᠬᠤᠷᠢᠭᠯᠠᠨ᠎ᠠ᠃ — ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ | ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ | ᠡᠯᠪᠡᠭ ᠪᠠᠶᠠᠯᠢᠭ ᠪᠠᠶᠢᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠨᠳᠦᠰᠦᠨ ᠱᠠᠭᠠᠷᠳᠠᠯᠭ᠎ᠠ ᠮᠥᠨ᠃ | ᠡᠳ᠋ ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ | ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠪᠢᠳᠡ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ | ᠪᠣᠳᠠᠰ ᠤᠨ ᠨᠥᠬᠦᠴᠡᠯ ᠢ ᠲᠠᠰᠤᠷᠠᠯᠳᠠ ᠦᠭᠡᠢ ᠪᠠᠲᠤᠳᠬᠠᠬᠤ ᠶᠢᠨ ᠬᠠᠮᠲᠤ ᠨᠡᠶᠢᠭᠡᠮ ᠵᠢᠷᠤᠮ ᠤᠨ ᠲᠡᠷᠢᠭᠦᠨ ᠤ | ᠰᠣᠶᠣᠯ ᠢ ᠶᠡᠭᠡ ᠪᠠᠷ ᠬᠥᠭᠵᠢᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ | ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠪᠦᠭᠦ ᠲᠠᠯ᠎ᠠ ᠶᠢᠨ ᠪᠠᠶᠠᠯᠢᠭᠵᠢᠯ | ᠪᠠ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ — ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠮᠥᠨ᠃ ᠬᠥᠮᠥᠨ ᠪᠠᠶᠢᠭᠠᠯᠢ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ | ᠪᠠᠶᠢᠭᠠᠯᠢ ᠠᠴᠠ ᠬᠡᠮᠵᠢᠶ᠎ᠡ ᠬᠢᠵᠠᠭᠠᠷ ᠦᠭᠡᠢ ᠠᠪᠴᠤ ᠴᠢᠨᠠᠭᠰᠢᠯᠠᠪᠠᠯ ᠪᠠᠶᠢᠭᠠᠯᠢ ᠶᠢ ᠡᠪᠳᠡᠪᠡᠯ | ᠵᠠᠶᠢᠯᠠᠰᠢ ᠦᠭᠡᠢ ᠶᠡᠭᠡ ᠪᠠᠶᠢᠭᠠᠯᠢ ᠶᠢᠨ ᠵᠠᠯᠬᠠᠭᠠᠯ ᠢ ᠣᠯᠬᠤ ᠪᠣᠯᠣᠨ᠎ᠠ᠃ ᠪᠢᠳᠡ ᠦᠷᠭᠦᠯᠵᠢᠯᠡᠬᠦ | ᠬᠥᠭᠵᠢᠯᠲᠡ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ | ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠬᠤ ᠴᠢᠭᠯᠡᠯᠲᠡ ᠶᠢ ᠪᠠᠷᠢᠮᠲᠠᠯᠠᠵᠤ᠂ | ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠪᠠᠶᠢᠭᠠᠯᠢ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ | ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠠᠶᠢᠬᠤ ᠪᠣᠯᠪᠠᠰᠤᠨ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ | ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ — ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ | ᠣᠳᠣᠬᠢᠴᠢᠯᠠᠯᠲᠠ ᠮᠥᠨ᠃ ᠮᠠᠨ ᠤ ᠤᠯᠤᠰ ᠵᠠᠷᠢᠮ ᠤᠯᠤᠰ ᠤᠨ ᠲᠠᠶᠢᠨ ᠬᠢᠬᠦ᠂ ᠺᠣᠯᠣᠨᠢᠴᠢᠯᠠᠬᠤ᠂ | ᠳᠡᠭᠡᠷᠡᠮᠳᠡᠬᠦ ᠵᠡᠷᠭᠡ ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ | ᠵᠠᠮᠨᠠᠬᠤ ᠦᠭᠡᠢ᠂ ᠲᠡᠷᠡ ᠬᠦ ᠪᠡᠶ᠎ᠡ ᠪᠠᠨ ᠪᠤᠳᠤᠵᠤ ᠪᠤᠰᠤᠳ ᠢ ᠬᠤᠬᠢᠷᠠᠭᠤᠯᠬᠤ᠂ ᠴᠢᠰᠤᠲᠤ ᠶᠠᠯ᠎ᠠ ᠨᠢᠭᠦᠯ ᠢᠶᠠᠷ | ᠳᠦᠭᠦᠷᠦᠭᠰᠡᠨ ᠬᠠᠭᠤᠴᠢᠨ ᠵᠠᠮ ᠨᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠷᠠᠳ | ᠲᠦᠮᠡᠨ ᠳᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠪᠠᠶᠢᠨ᠎ᠠ᠃ ᠪᠢᠳᠡ ᠲᠡᠦᠬᠡ ᠶᠢᠨ ᠵᠥᠪ | ᠲᠠᠯ᠎ᠠ ᠳᠤ ᠪᠠᠲᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ ᠲᠠᠯ᠎ᠠ ᠳᠤ ᠪᠠᠲᠤ ᠵᠣᠭᠰᠣᠵᠤ᠂ | ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ ᠥᠨᠳᠥᠷ ᠮᠠᠨᠳᠤᠭᠤᠯᠵᠤ᠂ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ ᠲᠤᠰ | ᠪᠡᠶ᠎ᠡ ᠶᠢᠨ ᠬᠥᠭᠵᠢᠯᠲᠡ ᠪᠠᠨ ᠡᠷᠢᠯᠬᠢᠯᠡᠬᠦ ᠮᠥᠷᠲᠡᠭᠡᠨ ᠪᠠᠰᠠ ᠲᠤᠰ ᠪᠡᠶ᠎ᠡ ᠶᠢᠨ ᠬᠥᠭᠵᠢᠯᠲᠡ ᠪᠠᠷ ᠢᠶᠠᠨ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ | ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠶᠢ ᠪᠡᠶᠡᠯᠡᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ | ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠦᠨ᠎ᠡ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠶᠢᠯᠳᠤᠬᠤ | ᠪᠣᠳᠣᠯᠭ᠎ᠠ ᠶᠢᠨ ᠶᠡᠷᠦᠩᠬᠡᠢ ᠲᠣᠬᠢᠷᠠᠭᠤᠯᠤᠯᠲᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ | ᠪᠣᠯᠣᠨ᠎ᠠ᠄ 2020 ᠣᠨ ᠠᠴᠠ 2035 ᠣᠨ ᠪᠤᠯᠲᠠᠯ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ ︔ 2035 ᠣᠨ ᠠᠴᠠ ᠲᠤᠰ ᠵᠠᠭᠤᠨ ᠤ ᠳᠤᠮᠳᠠᠴᠢ | ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ | ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠤᠯᠭᠠᠬᠤ ᠶᠢ ᠪᠡᠶᠡᠯᠡᠭᠦᠯᠦᠨ᠎ᠡ᠃ | 2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯ᠄ ᠠᠵᠤ ᠠᠬᠤᠢ ᠶᠢᠨ | ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ | ᠤᠯᠤᠰ ᠤᠨ ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠰᠢᠨ᠎ᠡ ᠶᠡᠭᠡ ᠳᠡᠭᠲᠡᠷ ᠲᠤ ᠭᠠᠷᠴᠤ᠂ ᠳᠤᠮᠳᠠ | ᠵᠡᠷᠭᠡ ᠶᠢᠨ ᠬᠥᠭᠵᠢᠭᠰᠡᠨ ᠤᠯᠤᠰ ᠤᠨ ᠲᠦᠪᠰᠢᠨ ᠳᠤ ᠭᠦᠷᠦᠨ᠎ᠡ ︔ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ | ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ ︔ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ | ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠢ | ᠨᠡᠩ ᠪᠦᠷᠢᠨᠰᠢᠭᠦᠯᠦᠨ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ | ᠦᠨᠳᠦᠰᠦᠨ ᠳᠡᠭᠡᠨ ᠪᠠᠶᠢᠭᠤᠯᠤᠨ᠎ᠡ ︔ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ᠂ | ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠤᠨ ᠰᠣᠶᠣᠯ ᠤᠨ | ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ ︔ ᠠᠷᠠᠳ ᠤᠨ ᠠᠮᠢᠳᠤᠷᠠᠯ ᠢ ᠨᠡᠩ ᠵᠣᠯ | ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠤᠯᠬᠤ ᠣᠷᠣᠯᠭ᠎ᠠ ᠶᠢ ᠲᠠᠭᠢᠨ ᠰᠢᠨ᠎ᠡ ᠳᠡᠭᠲᠡᠷ ᠲᠤ ᠭᠠᠷᠭᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠤᠪᠢ ᠶᠢᠨ | ᠵᠢᠩ ᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠡᠶᠡᠯᠡᠭᠦᠯᠵᠦ᠂ | ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠢ | ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠵᠤ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ᠂ ᠪᠦᠭᠦ ᠠᠷᠠᠳ ᠲᠦᠮᠡᠨ | ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠨ᠎ᠠ ︔ ᠪᠣᠬᠢᠷᠳᠤᠯ | ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠲᠠᠷᠠᠭ᠎ᠠ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ | ᠦᠨᠳᠦᠰᠦᠨ ᠠᠴᠠ ᠨᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ | ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ ᠠᠮᠤᠷ ᠲᠦᠪᠰᠢᠨ ᠤ | ᠰᠢᠰᠲ᠋ᠧᠮ ᠪᠠ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠳᠡ | ᠦᠷᠭᠦᠯᠵᠢᠯᠡᠨ ᠲᠡᠮᠡᠴᠡᠵᠦ᠂ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ | ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ | ᠬᠦᠴᠦᠨ ᠢᠶᠠᠷ ᠣᠷᠣᠶᠢᠯᠠᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ | ᠪᠦᠲᠦᠭᠡᠨ ᠪᠠᠶᠢᠭᠤᠯᠤᠨ᠎ᠠ᠃ ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠭᠢᠯᠡᠯᠲᠡ ᠶᠢᠨ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠭᠤᠣᠯ ᠬᠠᠷᠠᠯᠲᠠ ᠡᠭᠦᠷᠭᠡ ᠪᠣᠯ᠄ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠪᠠ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ | ᠠᠵᠢᠯ ᠴᠢᠬᠤᠯᠠ ᠶᠡᠭᠡ ᠠᠬᠢᠴᠠ ᠲᠠᠢ ᠪᠤᠯᠤᠨ᠎ᠠ ︔ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ | ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠳᠡᠷᠵᠢᠭᠦᠯᠵᠦ᠂ ᠨᠡᠩ ᠥᠨᠳᠥᠷ | ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠦᠨᠳᠦᠰᠦᠨ ᠳᠡᠭᠡᠨ | ᠪᠦᠷᠢᠯᠳᠦᠭᠦᠯᠦᠨ᠎ᠡ ︔ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠳᠦᠷᠢᠮᠵᠢᠭᠦᠯᠬᠦ᠂ ᠵᠢᠷᠤᠮᠵᠢᠭᠤᠯᠬᠤ᠂ | ᠲᠡᠰ ᠲᠠᠷᠠᠭᠠᠯᠠᠯᠵᠢᠭᠤᠯᠬᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ ︔ ᠠᠷᠠᠳ ᠲᠦᠮᠡᠨ ᠤ | ᠤᠶᠤᠨ ᠤ ᠪᠠ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ | ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ ︔ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ | ᠠᠯᠬᠤᠮ ᠲᠠᠢ ᠪᠠᠶᠢᠯᠭᠠᠵᠤ᠂ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠳᠡᠭᠡᠭᠰᠢᠯᠡᠯᠲᠡ ᠶᠢ ᠭᠦᠳᠡᠯᠮᠦᠷᠢ | ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠲᠠᠢ ᠦᠨᠳᠦᠰᠦᠨ ᠳᠡᠭᠡᠨ ᠠᠳᠠᠯᠢ | ᠠᠯᠬᠤᠮ ᠲᠠᠢ ᠪᠠᠶᠢᠯᠭᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ | ᠲᠡᠭᠦᠯᠳᠡᠷᠵᠢᠭᠦᠯᠦᠨ᠎ᠡ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠨ᠎ᠠ ︔ ᠤᠯᠤᠰ ᠤᠨ ᠠᠮᠤᠷ ᠲᠦᠪᠰᠢᠨ ᠨᠡᠩ ᠪᠠᠬᠢᠵᠢᠵᠦ᠂ | ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠵᠦ᠂ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠭᠢᠭᠤᠯᠤᠨ᠎ᠠ | ︔ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠤᠰᠬᠠᠯ ᠤᠯᠠᠮ ᠴᠢᠨᠠᠭᠰᠢᠳᠠ ᠳᠡᠭᠡᠭᠰᠢᠯᠡᠵᠦ᠂ | ᠪᠦᠭᠦ ᠪᠥᠮᠪᠥᠷᠴᠡᠭ ᠤᠨ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠦᠨ᠎ᠡ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ | ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠶᠤᠮ᠃ ᠣᠳᠣᠬᠠᠨ ᠳᠤ᠂ | ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠰᠢᠨ᠎ᠡ ᠨᠢᠭᠡᠨ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ | ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ | ᠲᠣᠬᠢᠷᠠᠭᠤᠯᠤᠯᠲᠠ ᠭᠠᠷᠴᠤ᠂ ᠮᠠᠨ ᠤ ᠤᠯᠤᠰ ᠤᠨ ᠬᠥᠭᠵᠢᠯᠲᠡ ᠳᠤ ᠰᠢᠨ᠎ᠡ ᠪᠠᠶᠢᠯᠳᠤᠬᠤ | ᠪᠣᠳᠣᠯᠭ᠎ᠠ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠡᠷᠢᠨ | ᠵᠠᠭᠤᠨ ᠳᠤ ᠲᠣᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠤᠨ ᠨᠥᠯᠥᠭᠡ ᠭᠦᠨ ᠭᠦᠨᠵᠡᠭᠡᠢ ᠪᠠᠶᠢᠵᠤ᠂ | ᠳᠡᠯᠡᠬᠡᠶᠢᠵᠢᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ ᠲᠣᠯᠣᠭᠠᠢ ᠥᠨᠳᠡᠶᠢᠵᠦ᠂ | ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ | ᠦᠭᠡᠢ ᠪᠠᠶᠢᠵᠤ᠂ ᠬᠡᠰᠡᠭ ᠲᠠᠯ᠎ᠠ ᠶᠢᠨ ᠮᠥᠷᠭᠦᠯᠳᠦᠭᠡᠨ ᠪᠠ ᠦᠢᠮᠡᠭᠡᠨ ᠰᠠᠮᠠᠭᠤᠷᠠᠯ ᠣᠯᠠᠨᠲᠠ ᠡᠭᠦᠰᠴᠦ᠂ ᠪᠦᠭᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ | ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ ᠵᠠᠶᠢᠯᠠᠵᠤ | ᠲᠡᠶᠢᠯᠭᠦ ᠦᠭᠡᠢ᠂ ᠲᠣᠭᠤᠷᠢᠵᠤ ᠭᠠᠷᠴᠤ ᠲᠡᠶᠢᠯᠭᠦ ᠦᠭᠡᠢ ᠶᠤᠮ᠂ ᠨᠠᠮ ᠤᠨ ᠪᠠᠶᠢᠭᠤᠯᠤᠯᠲᠠ ᠢᠯᠠᠩᠭᠤᠶ᠎ᠠ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠴᠥᠭᠡᠨ | ᠪᠤᠰᠤ ᠪᠤᠷᠤᠩᠬᠤᠢ ᠴᠢᠨᠠᠷ ᠲᠠᠢ᠂ ᠣᠯᠠᠨᠲᠠ ᠡᠭᠦᠰᠭᠦ ᠴᠢᠨᠠᠷᠲᠠᠢ ᠠᠰᠠᠭᠤᠳᠠᠯ ᠲᠤᠯᠭᠠᠷᠠᠵᠤ᠂ ᠭᠠᠳᠠᠨ᠎ᠠ ᠠᠴᠠ ᠢᠷᠡᠭᠰᠡᠨ | ᠴᠣᠬᠢᠯᠲᠠ ᠪᠠ ᠬᠤᠷᠢᠭᠯᠠᠯᠲᠠ ᠶᠢᠨ ᠠᠵᠢᠯᠯᠠᠭ᠎ᠠ ᠴᠠᠭ ᠢᠮᠠᠭᠲᠠ ᠲᠡᠰ ᠳᠠᠪᠰᠢᠵᠤ ᠮᠡᠳᠡᠨ᠎ᠠ᠃ ᠮᠠᠨ ᠤ | ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ | ᠵᠡᠷᠭᠡ ᠪᠠᠷ ᠣᠷᠣᠰᠢᠵᠤ᠂ ᠲᠤᠬᠲᠠᠭᠠᠯᠲᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ | ᠪᠠᠶᠢᠭ᠎ᠠ ᠴᠠᠭ ᠦᠶ᠎ᠡ ᠳᠤ ᠣᠷᠣᠵᠤ᠂ ᠡᠯ᠎ᠡ ᠵᠦᠢᠯ ᠤᠨ ︽ᠬᠠᠷ᠎ᠠ ᠬᠤᠨ︾᠂ ︽ᠰᠠᠭᠠᠷᠠᠯ ᠬᠡᠷᠢᠰ︾ | ᠤᠨ ᠬᠡᠷᠡᠭ ᠬᠡᠵᠢᠶ᠎ᠡ ᠴᠦ ᠡᠭᠦᠰᠴᠦ ᠮᠡᠳᠡᠨ᠎ᠠ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ | ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ | ᠪᠣᠳᠣᠯᠬᠢᠯᠠᠵᠤ᠂ ᠪᠡᠯᠡᠳᠬᠡᠯ ᠠᠵᠢᠯ ᠢ ᠤᠷᠢᠳᠴᠢᠯᠠᠨ ᠬᠢᠵᠦ᠂ ᠰᠠᠯᠬᠢ ᠳᠠᠪᠠᠯᠭᠠᠨ ᠢ ᠲᠤᠭᠤᠯᠬᠤ ᠴᠢᠨᠠᠭᠰᠢᠯᠠᠪᠠᠯ ᠲᠤᠬᠰᠢᠨ ᠰᠠᠯᠬᠢ | ᠰᠢᠷᠦᠭᠦᠨ ᠳᠠᠪᠠᠯᠭᠠᠨ ᠤ ᠬᠦᠨᠳᠦ ᠶᠡᠭᠡ ᠰᠢᠯᠭᠠᠯᠲᠠ ᠶᠢ ᠲᠤᠭᠤᠯᠬᠤ ᠪᠡᠯᠡᠳᠬᠡᠯ ᠲᠠᠢ ᠪᠠᠶᠢᠬᠤ ᠬᠡᠷᠡᠭᠲᠡᠢ᠃ | ᠤᠷᠤᠭᠰᠢᠯᠠᠯᠲᠠ ᠶᠢᠨ ᠵᠠᠮ ᠳᠤ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ ᠤᠳ ᠢ ᠪᠠᠲᠤ | ᠡᠵᠡᠮᠳᠡᠬᠦ ᠬᠡᠷᠡᠭᠲᠡᠢ᠃ — ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ | ᠤᠳᠤᠷᠢᠳᠤᠯᠭ᠎ᠠ ᠶᠢ ᠨᠠᠮ ᠪᠠ ᠤᠯᠤᠰ ᠤᠨ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ | ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠨᠠᠮ ᠢ ᠢᠮᠠᠭᠲᠠ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠲᠤᠯᠭᠠᠷᠠᠬᠤ | ᠦᠶ᠎ᠡ ᠳᠤ ᠪᠦᠭᠦ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠤᠯᠭᠠᠵᠤ᠂ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ᠂ ᠪᠦᠯᠬᠦᠮᠳᠡᠨ ᠲᠡᠮᠡᠴᠡᠬᠦ | ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ᠂ ᠬᠥᠭᠵᠢᠯᠲᠡ ᠶᠢᠨ ᠢᠲᠡᠭᠡᠯ ᠵᠣᠷᠢᠭ ᠲᠠᠢ | ᠪᠠᠶᠢᠬᠤ ᠶᠢ ᠦᠨᠡᠨ ᠬᠦ ᠪᠠᠲᠤᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃ — | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠎ᠠ᠃ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠥᠪᠡᠷ ᠤᠨ ᠬᠦᠴᠦ ᠪᠠᠷ ᠢᠶᠠᠨ | ᠳᠡᠭᠵᠢᠷᠡᠬᠦ ᠶᠢ ᠪᠠᠷᠢᠮᠲᠠᠯᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ | ᠦᠭᠡᠢ ᠪᠠᠶᠢᠬᠤ ᠶᠢ ᠪᠠᠷᠢᠮᠲᠠᠯᠠᠵᠤ᠂ ᠲᠦᠭᠵᠢᠮᠡᠯ ᠬᠥᠰᠢᠭᠦᠨ ᠬᠠᠭᠤᠴᠢᠨ ᠵᠠᠮ ᠢᠶᠠᠷ ᠶᠠᠪᠤᠬᠤ ᠦᠭᠡᠢ ᠪᠥᠭᠡᠳ ᠲᠤᠭ ᠲᠡᠮᠳᠡᠭ ᠢᠶᠠᠨ | ᠬᠠᠯᠠᠬᠤ ᠭᠠᠵᠢᠭᠤ ᠵᠠᠮ ᠢᠶᠠᠷ ᠶᠠᠪᠤᠬᠤ ᠦᠭᠡᠢ ᠪᠠᠶᠢᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ | ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ | ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠨ᠎ᠠ᠃ — ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ | ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ | ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠲᠠᠰᠤᠷᠠᠯᠳᠠ ᠦᠭᠡᠢ ᠪᠡᠶᠡᠯᠡᠭᠦᠯᠵᠦ᠂ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ | ᠭᠤᠣᠯᠴᠢ ᠪᠠᠷ ᠬᠦᠷᠲᠡᠭᠡᠨ᠎ᠡ᠃ — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ ᠭᠦᠨᠵᠡᠭᠡᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠨᠡᠭᠡᠭᠡᠯᠲᠡ ᠬᠢᠬᠦ ᠶᠢ ᠥᠷᠭᠡᠳᠬᠡᠵᠦ᠂ | ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠵᠦ᠂ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ | ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠤᠨ᠎ᠠ᠃ — | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ᠃ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠴᠢ ᠵᠣᠷᠢᠭ᠂ ᠰᠥᠰᠥ ᠵᠣᠷᠢᠭ᠂ | ᠢᠲᠡᠭᠡᠯ ᠵᠣᠷᠢᠭ ᠢ ᠴᠢᠩᠭᠠᠷᠠᠭᠤᠯᠵᠤ᠂ ᠭᠠᠵᠢᠭᠤ ᠪᠤᠷᠤᠭᠤ ᠶᠢ ᠢᠲᠡᠭᠡᠭᠦ ᠦᠭᠡᠢ᠂ ᠪᠤᠭ ᠴᠢᠳᠬᠦᠷ ᠠᠴᠠ ᠠᠶᠤᠬᠤ ᠦᠭᠡᠢ᠂ | ᠳᠠᠷᠤᠯᠲᠠ ᠠᠴᠠ ᠰᠦᠷᠳᠡᠭᠦ ᠦᠭᠡᠢ ᠪᠠᠷ ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ ᠰᠥᠷᠦᠨ ᠤᠷᠤᠭᠰᠢᠯᠠᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ | ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠪᠦᠭᠦ ᠬᠦᠴᠦᠨ ᠢᠶᠠᠷ ᠢᠶᠠᠨ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ | ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠷᠢᠶ᠎ᠡ ᠶᠢ ᠨᠡᠭᠡᠭᠡᠨ᠎ᠡ᠃ ᠨᠥᠬᠦᠳ ᠠ᠋︕ | ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ | ᠲᠡᠦᠬᠡ ᠶᠢᠨ ᠠᠯᠢ ᠴᠦ ᠦᠶ᠎ᠡ ᠠᠴᠠ ᠢᠯᠡᠭᠦᠦ ᠣᠶᠢᠷᠠᠳᠴᠤ᠂ ᠨᠡᠩ ᠢᠯᠡᠭᠦᠦ ᠢᠲᠡᠭᠡᠯ ᠪᠠ ᠴᠢᠳᠠᠪᠤᠷᠢ ᠲᠠᠢ ᠪᠣᠯᠵᠠᠢ᠂ | ᠡᠭᠦᠨ ᠤ ᠬᠠᠮᠲᠤ ᠡᠷᠬᠡᠪᠰᠢ ᠨᠡᠩ ᠬᠠᠲᠠᠭᠤ ᠪᠡᠷᠬᠡ ᠲᠠᠢ᠂ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ | ᠪᠡᠯᠡᠳᠬᠡᠬᠦ ᠬᠡᠷᠡᠭᠲᠡᠢ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠵᠣᠷᠢᠭᠲᠠᠢ ᠵᠢᠳᠬᠦᠵᠦ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ ᠡᠷᠢᠯᠬᠢᠯᠡᠵᠦ᠂ ᠠᠶᠤᠯ | ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ | ᠲᠠᠰᠤᠷᠠᠯᠲᠠ ᠦᠭᠡᠢ ᠲᠡᠮᠡᠴᠡᠨ ᠣᠯᠰᠤᠭᠠᠢ︕ ᠳᠥᠷᠪᠡ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠤᠨ᠎ᠠ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠬᠥᠭᠵᠢᠭᠦᠯᠬᠦ ᠪᠣᠯ | ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠪᠣᠳᠠᠰ ᠤᠨ | ᠪᠠ ᠮᠡᠷᠭᠡᠵᠢᠯ ᠤᠨ ᠪᠠᠲᠤ ᠰᠠᠭᠤᠷᠢ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠶᠢᠨ ᠰᠢᠨ᠎ᠡ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠴᠠᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ | ᠭᠤᠣᠯ ᠴᠣᠭᠴᠠ ᠪᠤᠯᠭᠠᠬᠰᠠᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯ ᠤᠨ ᠬᠠᠷᠢᠯᠴᠠᠨ | ᠠᠬᠢᠭᠤᠯᠤᠯᠴᠠᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠪᠢᠳᠡ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠬᠤ ᠶᠢ ᠪᠠᠷᠢᠮᠲᠠᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠯᠦᠭᠡ ᠣᠷᠭᠠᠨᠢᠭ ᠢᠶᠠᠷ ᠤᠶᠠᠯᠳᠤᠭᠤᠯᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠦᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠴᠢᠩᠭᠠᠳᠬᠠᠨ᠂ | ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ | ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ | ᠠᠮᠤᠷ ᠲᠦᠪᠰᠢᠨ ᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠪᠣᠯᠣᠨ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ | ᠪᠦᠲᠦᠮᠵᠢᠲᠡᠢ ᠳᠡᠭᠡᠭᠰᠢᠯᠡᠯᠲᠡ ᠪᠣᠯᠣᠨ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠢ ᠪᠠᠶᠢᠭᠤᠯᠤᠨ᠎ᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠭᠦ ᠪᠠ | ᠬᠥᠲᠥᠯᠥᠨ ᠵᠢᠯᠤᠭᠤᠳᠴᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ | ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ | ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠨ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ᠳᠤᠮᠳᠠᠳᠤ ᠤᠯᠤᠰ ᠤᠨ ᠣᠨᠴᠠᠯᠢᠭ ᠲᠠᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠡᠯᠡᠬᠡᠢ ᠶᠢᠨ ᠲᠡᠷᠢᠭᠦᠨ ᠵᠡᠷᠭᠡ ᠶᠢᠨ | ᠠᠵᠤ ᠠᠬᠤᠶᠢᠯᠠᠯ ᠢ ᠲᠦᠷᠭᠡᠳᠬᠡᠨ ᠪᠠᠶᠢᠭᠤᠯᠤᠨ᠎ᠠ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ | ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠪᠠᠶᠢᠭᠤᠯᠵᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ᠎ᠠ᠃ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠦᠨᠡᠨᠴᠢ | ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ | ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠭᠦ ᠰᠠᠭᠤᠷᠢ | ᠴᠢᠨᠠᠷᠲᠠᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠬᠦ ᠳᠤ ᠦᠵᠡᠭᠦᠯᠭᠦ ᠵᠠᠩᠭᠢᠯᠠᠭ᠎ᠠ ᠶᠢᠨ ᠦᠢᠯᠡᠳᠦᠯ ᠢ ᠴᠢᠩᠭᠠᠳᠬᠠᠨ᠎ᠠ᠃ | ᠣᠳᠣ ᠦᠶ᠎ᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢᠨ ᠳᠦᠷᠢᠮ ᠤᠨ ᠪᠦᠲᠦᠴᠡ ᠶᠢ ᠰᠢᠯᠢᠳᠡᠭᠵᠢᠭᠦᠯᠦᠨ᠂ | ᠡᠳ᠋ ᠤᠨ ᠵᠠᠰᠠᠭ ᠤᠨ ᠰᠢᠯᠵᠢᠭᠦᠯᠦᠨ ᠥ ᠭᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠲᠥᠪ ᠪᠠᠩᠬᠢ ᠶᠢᠨ | ᠳᠦᠷᠢᠮ ᠢ ᠪᠠᠶᠢᠭᠤᠯᠵᠤ᠂ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ | ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠪᠠᠲᠤᠯᠠᠬᠤ ᠰᠢᠰᠲ᠋ᠧᠮ ᠢ ᠴᠢᠩᠭᠠᠷᠠᠭᠤᠯᠤᠨ᠂ ᠡᠯ᠎ᠡ ᠲᠥᠷᠥᠯ ᠤᠨ ᠮᠥᠩᠭᠦᠨ | ᠭᠦᠢᠯᠭᠡᠭᠡᠨ ᠤ ᠠᠵᠢᠯᠯᠠᠭ᠎ᠠ ᠶᠢ ᠪᠦᠭᠦᠨ ᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠬᠥᠷᠥᠩᠭᠡ ᠶᠢᠨ ᠵᠠᠬ᠎ᠠ | ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃ | ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠣᠷᠣᠨ | ᠨᠤᠲᠤᠭ ᠤᠨ ᠬᠠᠮᠠᠭᠠᠯᠠᠯᠲᠠ ᠪᠣᠯᠣᠨ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ ᠡᠪᠳᠡᠵᠦ᠂ | ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠤᠨ ᠬᠥᠲᠥᠯᠥᠨ ᠵᠢᠯᠣᠭᠤᠳᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠠᠵᠤ ᠠᠬᠤᠢ ᠶᠢ | ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ | ᠴᠢᠨᠠᠷ ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠤ | ᠬᠦᠴᠦᠷᠬᠡᠭ ᠤᠯᠤᠰ᠂ ᠢᠨᠲ᠋ᠧᠷ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ | ᠢᠨᠵᠧᠨᠧᠷᠢᠩ ᠪᠣᠯᠣᠨ ᠴᠢᠬᠤᠯᠠ ᠶᠡᠭᠡ ᠲ ᠸᠭᠨᠢᠭ ᠮᠡᠷᠭᠡᠵᠢᠯ ᠤᠨ ᠮᠠᠰᠢᠨ ᠲᠣᠨᠣᠭᠯᠠᠯ ᠤᠨ ᠪᠣᠭᠤᠮᠲᠠ | ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠢᠯᠡᠳᠭᠦ ᠦᠢᠯᠡᠰ ᠤᠨ ᠳᠡᠭᠡᠳᠦ ᠳᠡᠰᠵᠢᠭᠦ᠂ ᠣᠶᠤᠨᠴᠢᠯᠠᠬᠤ᠂ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠠᠪᠠᠭᠤᠯᠢᠭᠲᠤ ᠠᠵᠤ ᠦᠢᠯᠡᠰ ᠤᠨ ᠲᠡᠷᠢᠭᠦᠨ ᠤ ᠪᠠᠶᠢᠷᠢ | ᠰᠠᠭᠤᠷᠢ ᠶᠢ ᠪᠠᠬᠢᠵᠢᠭᠦᠯᠦᠨ᠂ ᠠᠮᠤᠷ ᠲᠦᠪᠰᠢᠨ ᠬᠥᠭᠵᠢᠯᠲᠡ ᠳᠤ ᠬᠤᠯᠪᠣᠭᠳᠠᠬᠤ ᠬᠦᠷᠢᠶ᠎ᠡ ᠴᠠᠷᠠᠭᠠᠨ ᠳᠠᠬᠢ ᠳᠤᠲᠠᠭᠤᠳᠠᠯ ᠢᠶᠠᠨ | ᠲᠦᠷᠭᠡᠨ ᠨᠥᠬᠦᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠤᠨ ᠠᠭᠤᠰᠤᠯᠴᠠᠨ ᠪᠦᠯᠦᠭᠵᠢᠵᠦ ᠭᠦᠭᠵᠢᠭᠦ ᠶᠢ ᠠᠬᠢᠭᠤᠯᠵᠤ᠂ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠮᠡᠷᠭᠡᠵᠢᠯ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠮᠠᠰᠢᠨ ᠲᠣᠨᠣᠭᠯᠠᠯ᠂ ᠪᠣᠬᠢᠷᠳᠤᠯ ᠦᠭᠡᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠤᠨ᠎ᠠ᠃ | ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠵᠤ᠂ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠭᠦ ᠦᠢᠯᠡᠰ᠂ ᠣᠳᠣ ᠦᠶ᠎ᠡ ᠶᠢᠨ ᠬᠥᠳᠡᠭᠡ | ᠠᠵᠤ ᠠᠬᠤᠢ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠣᠳᠠᠰ ᠤᠳ ᠢ ᠬᠠᠷᠢᠯᠴᠠᠨ ᠬᠤᠯᠪᠣᠬᠤ | ᠢᠨᠲ᠋ᠧᠷ ᠰᠦᠯᠵᠢᠶ᠎ᠡ ᠶᠢ ᠲᠦᠷᠭᠡᠳᠬᠡᠨ ᠬᠥᠭᠵᠢᠭᠦᠯᠵᠦ᠂ ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ | ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ᠂ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ | ᠥᠷᠲᠡᠭ ᠢ ᠪᠠᠭᠤᠷᠠᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ | ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ | ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ᠂ ᠪᠦᠲᠦᠴᠡ᠂ ᠴᠢᠳᠠᠮᠵᠢ ᠪᠠ | ᠰᠢᠰᠲ᠋ᠧᠮ ᠤᠨ ᠴᠤᠭᠯᠠᠷᠠᠯ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠠᠶᠢᠭᠤᠯᠤᠨ᠎ᠠ᠃ ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ ᠬᠠᠲᠠᠭᠤᠵᠢᠯᠲᠠᠢ ᠬᠠᠮᠤᠭ ᠤᠨ ᠨᠦᠰᠡᠷ | ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠠᠶᠢᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ | ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ | ᠬᠤᠳᠠ ᠬᠥᠳᠡᠭᠡ ᠶᠢᠨ ᠬᠦᠴᠦᠨ ᠵᠦᠢᠯᠡᠰ ᠤᠨ ᠰᠢᠯᠵᠢᠯᠲᠡ ᠶᠢ ᠰᠢᠯᠤᠭᠤᠳᠬᠠᠨ᠎ᠠ᠃ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ | ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠤ | ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠂ ᠠᠮᠤ | ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ | ᠪᠦᠲᠦᠭᠡᠨ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ | ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠪᠣᠯᠣᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ | ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠭᠤᠣᠯ | ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ | ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ | ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ | ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ | ᠳᠣᠲᠣᠭᠠᠳᠤ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ | ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ | ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ᠃ | ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠲᠤ ᠨᠠᠩ | ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ ᠬᠤᠲᠠ ᠳᠤ ᠡᠷᠦᠭᠡ ᠠᠮᠠ ᠣᠷᠣᠭᠰᠠᠨ | ᠲᠠᠷᠢᠶᠠᠴᠢᠳ ᠤᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ ᠬᠠᠤᠯᠢ | ᠶᠣᠰᠣᠭᠠᠷ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠭᠦ ᠶᠢ ᠵᠣᠷᠢᠭᠵᠢᠭᠤᠯᠤᠨ᠎ᠠ᠃ | ᠬᠥᠳᠡᠭᠡ ᠠᠵᠤ ᠠᠬᠤᠢ ᠶᠢ ᠲᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ︵ᠳᠥᠷᠪᠡ︶ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ | ᠴᠢᠨᠠᠷ ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠠᠬᠢᠭᠤᠯᠤᠨ ᠰᠢᠨ᠎ᠡ ᠪᠠᠶᠢᠷᠢᠰᠢᠯ ᠢ ᠪᠤᠢ ᠪᠤᠯᠭᠠᠵᠦ᠂ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ | ᠳᠤᠮᠳᠠ ᠪᠡᠶ᠎ᠡ ᠶᠢᠨ ᠭᠠᠵᠠᠷ ᠣᠷᠣᠨ ᠤ ᠲᠦᠷᠭᠡᠪᠴᠢᠯᠡᠨ ᠭᠦᠭᠵᠢᠭᠦ ᠶᠢ ᠠᠬᠢᠭᠤᠯᠵᠤ᠂ ᠵᠡᠭᠦᠨ ᠪᠡᠶ᠎ᠡ ᠶᠢᠨ ᠭᠠᠵᠠᠷ | ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢ ᠵᠣᠷᠢᠭᠵᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ | ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠬᠢᠯᠢ ᠬᠢᠵᠠᠭᠠᠷ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ | ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠵᠤ᠂ ᠴᠧᠩᠳᠦ᠋ ᠴᠦᠩᠴᠢᠩ ᠤᠨ ᠭᠠᠵᠠᠷ ᠣᠷᠣᠨ ᠤ ᠬᠤᠣᠰ ᠬᠤᠳᠠ ᠶᠢᠨ ᠠᠵᠤ | ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠲᠤ | ᠣᠷᠣᠨ ᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠨ᠎ᠡ᠃ | ᠬᠤᠲᠠ ᠶᠢᠨ ᠰᠦᠷᠦᠭᠵᠢᠯ᠂ ᠬᠤᠲᠠ ᠶᠢᠨ ᠴᠠᠭᠠᠷᠢᠭ ᠢᠶᠠᠷ ᠲᠦᠰᠢᠭ ᠪᠣᠯᠭᠠᠨ ᠲᠣᠮᠣ ᠳᠤᠮᠳᠠ ᠪᠠᠭ᠎ᠠ ᠬᠤᠲᠠ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ | ᠪᠤᠯᠭᠠᠬᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ | ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ | ᠪᠠᠶᠢᠭᠤᠯᠬᠤ ᠶᠢ ᠪᠠᠷᠢᠮᠲᠠᠯᠠᠨ᠂ ᠬᠤᠲᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ | ᠬᠥᠭᠵᠢᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠲᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ | ᠬᠠᠲᠠᠨ ᠴᠢᠨᠠᠷᠲᠠᠢ᠂ ᠣᠶᠤᠨᠴᠢ ᠬᠤᠲᠠ ᠶᠢ ᠪᠦᠲᠦᠭᠡᠨ ᠪᠠᠶᠢᠭᠤᠯᠤᠨ᠎ᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠵᠦ᠂ | ᠳᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠳᠠᠯᠠᠢ ᠲᠠᠩᠭᠢᠰ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ ︵ᠲᠠᠪᠤ︶ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠮᠠᠨ ᠤ ᠤᠯᠤᠰ ᠤᠨ ᠭᠡᠳᠤ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ | ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠷ᠎ᠡ ᠠᠰᠢᠭ ᠢ ᠨᠡᠮᠡᠭᠳᠡᠭᠦᠯᠦᠨ᠂ | ᠠᠷᠠᠯᠵᠢᠶ᠎ᠠ ᠪᠡᠯᠡ ᠣᠷᠣᠭᠤᠯᠤᠯᠲᠠ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠦᠨ᠎ᠡ᠃ ᠳᠦᠷᠢᠮ᠂ | ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠨ᠎ᠡ᠃ ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠵᠤ᠂ ᠦᠢᠯᠡᠴᠢᠯᠡᠭᠡᠨ ᠤ | ᠠᠷᠠᠯᠵᠢᠶᠠᠨ ᠤ ᠬᠥᠭᠵᠢᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠦᠨ᠂ ᠲᠣᠭᠠᠴᠢᠯᠠᠭᠰᠠᠨ | ᠠᠷᠠᠯᠵᠢᠶ᠎ᠠ ᠶᠢ ᠬᠥᠭᠵᠢᠭᠦᠯᠵᠦ᠂ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ | ᠭᠠᠳᠠᠭᠠᠳᠤ ᠪᠡᠯᠡ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠣᠬᠢᠰᠲᠠᠢ ᠪᠠᠭᠠᠰᠬᠠᠵᠤ᠂ | ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ | ᠵᠠᠬ᠎ᠠ ᠳᠡᠯᠭᠡᠭᠦᠷᠵᠢᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠢ ᠪᠣᠯᠭᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠵᠡᠭᠦᠨ ᠪᠡᠶ᠎ᠡ ᠶᠢᠨ ᠲᠠᠯᠠᠢ ᠳᠠᠭᠠᠤ ᠣᠷᠣᠨ ᠤ ᠨᠡᠭᠡᠭᠡᠯᠲᠡ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠂ ᠳᠤᠮᠳᠠ | ᠪᠡᠶ᠎ᠡ ᠪᠠᠷᠠᠭᠤᠨ ᠪᠡᠶ᠎ᠡ ᠶᠢᠨ ᠭᠠᠵᠠᠷ ᠣᠷᠣᠨ ᠪᠣᠯᠣᠨ ᠵᠡᠭᠦᠨ ᠬᠤᠶᠢᠲᠤ ᠣᠷᠣᠨ ᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠪᠠᠷᠠᠭᠤᠨ ᠣᠷᠣᠨ ᠤ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠲᠦᠷᠭᠡᠳᠬᠡᠨ ᠪᠦᠲᠦᠭᠡᠨ ᠪᠠᠶᠢᠭᠤᠯᠵᠤ᠂ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠥᠷᠭᠡᠳᠬᠡᠨ᠎ᠡ᠃ | ᠠᠷᠠᠳ ᠤᠨ ᠵᠣᠭᠤᠰ ᠤᠨ ᠳᠡᠯᠡᠬᠡᠶᠢᠵᠢᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠦᠭᠦ ᠪᠥᠮᠪᠥᠷᠴᠡᠭ ᠤᠨ ᠠᠵᠤ | ᠦᠢᠯᠡᠰ ᠤᠨ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠠᠨ ᠡᠰᠢᠲᠦ | ᠪᠥᠭᠡᠳ ᠲᠣᠭᠲᠠᠪᠤᠷᠢᠲᠠᠢ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ ᠪᠠ ᠠᠵᠤ ᠠᠬᠤᠢ ᠠᠷᠠᠯᠵᠢᠶᠠᠨ ᠤ | ᠬᠠᠷᠢᠴᠠᠭ᠎ᠠ ᠶᠢ ᠬᠠᠮᠠᠭᠠᠯᠠᠨ᠎ᠠ᠃ ᠲᠠᠪᠤ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠨ᠎ᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠭᠦ ᠪᠣᠯ | ᠨᠢᠭᠡᠳᠦᠭᠡᠷ ᠬᠦᠳᠡᠯᠭᠡᠬᠦ ᠬᠦᠴᠦᠨ ᠪᠤᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ | ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ | ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ | ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠨ᠎ᠠ᠃ ᠪᠢᠳᠡ ᠰᠤᠷᠭᠠᠨ ᠬᠥᠮᠦᠵᠢᠯ ᠢ | ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ᠂ ᠴᠢᠳᠠᠪᠤᠷᠢᠲᠠᠨ ᠤ ᠳᠠᠭᠠᠭᠤᠯᠭ᠎ᠠ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠨ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ | ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ | ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠶᠢ ᠪᠠᠷᠢᠮᠲᠠᠯᠠᠨ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ | ᠬᠥᠮᠥᠵᠢᠭᠦᠯᠬᠦ ᠴᠢᠨᠠᠷ ᠴᠢᠨᠰᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠭᠦ | ᠣᠷᠣᠶᠢᠯᠠᠭᠰᠠᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ | ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃ ︵ᠨᠢᠭᠡ︶ ᠠᠷᠠᠳ ᠲᠦᠮᠡᠨ ᠤ | ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠠ᠃ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ | ᠨᠠᠮ ᠤᠨ ᠶᠡᠭᠡ ᠪᠣᠳᠣᠯᠭ᠎ᠠ ᠮᠥᠨ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ | ᠬᠥᠮᠥᠨ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠮᠥᠨ᠃ ᠬᠥᠮᠥᠨ ᠢ ᠬᠥᠮᠥᠵᠢᠭᠦᠯᠬᠦ ᠶᠢᠨ | ᠦᠨᠳᠦᠰᠦ ᠨᠢ ᠶᠣᠰᠣ ᠰᠤᠷᠲᠠᠬᠤᠨ ᠢ ᠪᠤᠢ ᠪᠤᠯᠭᠠᠬᠤ ᠳᠤ ᠪᠠᠶᠢᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ | ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ | ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠬᠡᠪ ᠪᠣᠯᠪᠠᠰᠤᠷᠠᠯ ᠤᠨ ᠰᠤᠷᠭᠠᠨ ᠬᠥᠮᠦᠵᠢᠯ ᠢ ᠬᠥᠭᠵᠢᠭᠦᠯᠦᠨ᠂ ᠰᠤᠷᠭᠠᠨ | ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠠᠯᠲᠤ ᠬᠥᠭᠵᠢᠯᠲᠡ ᠶᠢ ᠴᠢᠩᠭᠠᠷᠠᠭᠤᠯᠵᠤ᠂365网络科技_bat365在线登录_注册送365元可提款 | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠣᠯᠠᠨ ᠶᠠᠩᠵᠤᠴᠢᠯᠠᠨ ᠬᠥᠭᠵᠢᠭᠦᠯᠬᠦ ᠶᠢ ᠪᠠᠷᠢᠮᠲᠠᠯᠠᠨ᠂ | ᠪᠦᠭᠦ ᠰᠤᠷᠤᠯᠭ᠎ᠠ ᠶᠢᠨ ᠱᠠᠲᠤ ᠶᠢ ᠬᠠᠮᠤᠷᠤᠭᠰᠠᠨ ᠰᠤᠷᠤᠬᠴᠢᠳ ᠢ ᠲᠤᠰᠠᠯᠠᠨ ᠲᠡᠳᠭᠦᠭᠦ ᠰᠢᠰ ᠲᠧᠮ ᠢ ᠲᠡᠭᠦᠯᠳᠡᠷᠵᠢᠭᠦᠯᠦᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠭᠦ ᠶᠢ ᠨᠢᠭᠡᠳᠦᠯᠲᠡᠢ ᠲᠥᠯᠥᠪᠯᠡᠵᠦ᠂ ᠠᠵᠢᠯ ᠮᠡᠷᠭᠡᠵᠢᠯ ᠪᠠ | ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ | ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠷᠥᠯ ᠭᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠎ᠡ᠃ ᠰᠠᠭᠤᠷᠢ | ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ ᠰᠣᠯᠪᠢᠴᠠᠯ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ | ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠳᠠᠪᠠᠭᠤᠯᠢᠭᠲᠤ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠤᠨ᠎ᠠ᠃ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠤᠷᠭᠠᠨ | ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠬᠤ | ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ | ᠬᠠᠮᠢᠶᠠᠷᠤᠯᠲᠠ ᠪᠣᠯᠣᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠰᠤᠷᠭᠠᠭᠤᠯᠢ ᠭᠡᠷ ᠪᠦᠯᠢ ᠨᠡᠶᠢᠭᠡᠮ ᠤᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ | ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠠᠭᠰᠢ ᠶᠢ ᠬᠦᠨᠳᠦᠳᠬᠡᠨ | ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ ᠰᠤᠷᠭᠠᠨ ᠬᠥᠮᠦᠵᠢᠯ ᠤᠨ | ᠲᠣᠭᠠᠴᠢᠯᠠᠯᠲᠠ ᠶᠢ ᠠᠬᠢᠭᠤᠯᠵᠤ᠂ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ | ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠤᠨ᠎ᠠ᠃ ︵ᠬᠤᠶᠠᠷ︶ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠰᠢᠨ᠎ᠡ ᠶᠢ ᠡᠭᠦᠳᠭᠦ ᠶᠢᠨ ᠮᠠᠨ ᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ | ᠲᠠᠯ᠎ᠠ ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠠᠴᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ | ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠢᠨ᠎ᠡ ᠶᠢ ᠡᠭᠦᠳᠭᠦ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠰᠢᠯ ᠢ ᠰᠢᠯᠢᠳᠡᠭᠵᠢᠭᠦᠯᠵᠦ᠂ | ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠪᠤᠢ ᠪᠣᠯᠭᠠᠨ᠂ ᠤᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥ ᠭᠭᠦ ᠶᠢ ᠴᠢᠩᠭᠠᠳᠬᠠᠵᠤ᠂ | ᠤᠯᠤᠰ ᠤᠨ ᠰᠢᠨ᠎ᠡ ᠶᠢ ᠡᠭᠦᠳᠭᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠮᠡᠳᠡᠯᠭᠡ ᠶᠢᠨ ᠥᠮᠴᠢᠯᠡᠬᠦ ᠡᠷᠬᠡ ᠶᠢᠨ | ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠭᠦ ᠶᠢ ᠳᠡᠮᠵᠢᠭᠦ | ᠰᠠᠭᠤᠷᠢ ᠳᠦᠷᠢᠮ ᠢ ᠪᠦᠷᠢᠯᠳᠦᠭᠦᠯᠦᠨ᠎ᠡ᠃ ᠰᠢᠨ᠎ᠡ ᠶᠢ ᠡᠭᠦᠳᠭᠦ ᠰᠣᠶᠣᠯ ᠢ ᠪᠣᠶᠢᠵᠢᠭᠤᠯᠵᠤ᠂ ᠰᠢᠨᠵᠢᠯᠡᠬᠦ | ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠢ ᠬᠥᠮᠥᠵᠢᠭᠦᠯᠵᠦ᠂ | ᠰᠢᠨ᠎ᠡ ᠶᠢ ᠡᠭᠦᠳᠭᠦ ᠠᠭᠤᠷ ᠠᠮᠢᠰᠬᠤᠯ ᠢ ᠪᠤᠢ ᠪᠣᠯᠭᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠤᠯᠠᠨ ᠤᠯᠤᠰᠴᠢᠯᠠᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠳᠡᠯᠡᠬᠡᠢ ᠳ᠋ᠠᠬᠢᠨ ᠳᠤ | ᠥᠷᠢᠰᠦᠯᠳᠦᠬᠦ ᠬᠦᠴᠦᠨ ᠪᠦᠬᠦᠢ ᠨᠡᠭᠡᠭᠡᠯᠲᠡᠲᠤ ᠰᠢᠨ᠎ᠡ ᠶᠢ ᠡᠭᠦᠳᠭᠦ ᠠᠮᠢ ᠠᠬᠤᠢ ᠶᠢ ᠪᠤᠢ ᠪᠣᠯᠭᠠᠨ᠎ᠠ᠃ | ︵ᠭᠤᠷᠪᠠ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ | ᠲᠦᠷᠭᠡᠳᠬᠡᠨ ᠬᠡᠷᠡᠭᠵᠢᠭᠦᠯᠦᠨ᠎ᠡ᠃ ᠳᠡᠯᠡᠬᠡᠢ ᠶᠢᠨ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ | ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠢ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ | ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ | ᠬᠠᠨᠳᠤᠭᠤᠯᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲ ᠸᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠤᠤᠭᠠᠯ ᠡᠭᠦᠳᠦᠯᠲᠡ ᠶᠢᠨ | ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ ᠪᠡᠷᠬᠡ | ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠦᠭᠦ ᠲᠠᠯ᠎ᠠ ᠶᠢᠨ ᠴᠢᠨᠠᠷᠲᠠᠢ ᠪᠠᠷᠠᠯᠠᠯᠳᠦ ᠴᠢᠨᠠᠷᠲᠠᠢ ᠨᠢᠭᠡ ᠪᠦᠯᠦᠭ | ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠩᠭᠠᠳᠬᠠᠨ᠎ᠠ᠃ ᠰᠠᠭᠤᠷᠢ ᠰᠤᠳᠤᠯᠭᠠᠨ ᠢ ᠴᠢᠩᠭᠠᠳᠬᠠᠵᠤ᠂ | ᠤᠤᠭᠠᠯ ᠡᠭᠦᠳᠦᠯᠲᠡ ᠶᠢ ᠲᠣᠪᠤᠶᠢᠯᠭᠠᠨ᠂ ᠴᠢᠯᠦᠭᠡᠲᠡᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠰᠢᠨᠵᠢᠯᠡᠬᠦ | ᠤᠬᠠᠭᠠᠨ ᠲ ᠸᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ | ᠬᠡᠷᠡᠭᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠶᠢ | ᠡᠭᠦᠳᠭᠦ ᠠᠮᠢᠳᠤᠯᠢᠭ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠴᠢᠩᠭᠠᠳᠬᠠᠵᠤ᠂ | ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ | ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ | ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠦᠰᠦᠨ ᠪᠣᠶᠢᠵᠢᠬᠤ ᠳᠤ ᠠᠰᠢᠭᠲᠠᠢ ᠰᠢᠯᠢᠳᠡᠭ ᠰᠠᠶᠢᠨ ᠣᠷᠴᠢᠨ ᠨᠥᠬᠦᠴᠡᠯ ᠢ ᠪᠤᠶ ᠪᠤᠯᠭᠠᠵᠤ᠂ | ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ︵ᠳᠥᠷᠪᠡ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ | ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠦᠯᠡᠮᠵᠢ ᠤᠯᠠᠨ ᠴᠢᠳᠠᠪᠤᠷᠢᠲᠠᠨ ᠢ ᠬᠥᠮᠥᠵᠢᠭᠦᠯᠦᠨ | ᠪᠣᠶᠢᠵᠢᠭᠤᠯᠬᠤ ᠪᠣᠯ ᠤᠯᠤᠰ ᠪᠠ ᠦᠨᠳᠦᠰᠦᠲᠡᠨ ᠤ ᠠᠯᠤᠰ ᠭᠡᠳᠤ ᠶᠢᠨ ᠬᠥᠭᠵᠢᠯᠲᠡ ᠶᠢᠨ ᠶᠡᠭᠡ | ᠪᠣᠳᠣᠯᠭ᠎ᠠ ᠮᠥᠨ᠃ ᠭᠠᠪᠢᠶ᠎ᠠ ᠶᠢ ᠴᠢᠳᠠᠪᠤᠷᠢᠲᠠᠨ ᠪᠦᠲᠦᠭᠡᠵᠦ᠂ ᠦᠢᠯᠡᠰ ᠢ ᠴᠢᠳᠠᠪᠤᠷᠢᠲᠠᠨ ᠥᠷᠭᠡᠳᠬᠡᠳᠡᠭ᠃ | ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ | ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠶᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ | ᠨᠡᠩ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠷᠭᠡᠨ ᠤᠯᠠᠨ ᠴᠢᠳᠠᠪᠤᠷᠢᠲᠠᠨ ᠤ ᠨᠠᠮ ᠢᠶᠠᠨ | ᠬᠠᠶᠢᠷᠠᠯᠠᠵᠤ ᠤᠯᠤᠰ ᠲᠠᠭᠠᠨ ᠵᠢᠳᠭᠦᠭᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠭᠦ᠂ | ᠠᠷᠠᠳ ᠲᠦᠮᠡᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠤᠨ᠎ᠠ᠃ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠨ ᠢ | ᠬᠠᠮᠲᠤ ᠳᠤᠨᠢ ᠠᠳᠬᠤᠬᠤ ᠶᠢ ᠪᠠᠷᠢᠮᠲᠠᠯᠠᠨ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ | ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠳᠡᠯᠡᠬᠡᠢ ᠶᠢᠨ ᠴᠢᠬᠤᠯᠠ | ᠴᠢᠳᠠᠪᠤᠷᠢᠲᠠᠨ ᠤ ᠲᠥᠪ ᠪᠣᠯᠣᠨ ᠰᠢᠨ᠎ᠡ ᠶᠢ ᠡᠭᠦᠳᠭᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ | ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ | ᠴᠢᠳᠠᠪᠤᠷᠢᠲᠠᠨ ᠤ ᠤᠯᠠᠨ ᠤᠯᠤᠰ ᠲᠠᠬᠢ ᠥᠷᠢᠰᠦᠯᠳᠦᠭᠡᠨ ᠤ ᠬᠠᠷᠢᠴᠠᠩᠭᠤᠢ ᠳᠠᠪᠠᠭᠤᠯᠢᠭ | ᠪᠠᠶᠢᠳᠠᠯ ᠢ ᠬᠦᠴᠦᠯᠡᠨ ᠪᠤᠢ ᠪᠣᠯᠭᠠᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ | ᠬᠦᠴᠦᠨ ᠢ ᠲᠦᠷᠭᠡᠳᠬᠡᠨ ᠪᠠᠶᠢᠭᠤᠯᠵᠤ᠂ ᠨᠡᠩ ᠤᠯᠠᠨ ᠶᠡᠭᠡ ᠪᠠᠭᠰᠢᠲᠠᠨ᠂ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨᠲᠠᠨ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠭᠦ ᠪᠦᠯᠭᠦᠮ᠂ ᠰᠢᠨᠵᠢᠯᠡᠬᠦ ᠤᠬᠠᠭᠠᠨ ᠲ ᠸᠭᠨᠢᠭ | ᠮᠡᠷᠭᠡᠵᠢᠯ ᠤᠨ ᠵᠠᠯᠠᠭᠤ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ | ᠥᠨᠳᠥᠷ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠦᠨ ᠪᠤᠢ ᠪᠣᠯᠭᠠᠨ᠎ᠠ᠃ ᠴᠢᠳᠠᠪᠤᠷᠢᠲᠠᠨ ᠤ ᠤᠯᠠᠨ | ᠤᠯᠤᠰ ᠤᠨ ᠰᠣᠯᠢᠯᠴᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ | ᠠᠮᠢᠳᠤᠯᠢᠭ ᠬᠡᠷᠡᠭᠯᠡᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ | ᠪᠦᠭᠦ ᠰᠡᠳᠬᠢᠯ ᠢᠶᠠᠷ ᠢᠶᠠᠨ ᠴᠢᠳᠠᠪᠤᠷᠢᠲᠠᠨ ᠢ ᠬᠥᠮᠥᠵᠢᠭᠦᠯᠵᠦ᠂ ᠴᠢᠩ ᠰᠡᠳᠬᠢᠯ ᠠᠴᠠ ᠪᠠᠨ ᠴᠢᠳᠠᠪᠤᠷᠢᠲᠠᠨ ᠢ ᠤᠷᠢᠵᠤ᠂ ᠰᠡᠳᠬᠢᠯ | ᠲᠠᠯᠪᠢᠨ ᠴᠢᠳᠠᠪᠤᠷᠢᠲᠠᠨ ᠢ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠢ ᠬᠦᠨᠳᠦᠳᠬᠡᠨ᠂ ᠨᠢᠭᠡ ᠯᠡ ᠬᠡᠪ ᠲᠤ ᠪᠠᠷᠢᠭᠳᠠᠬᠤ | ᠦᠭᠡᠢ ᠪᠠᠷ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠤᠭᠯᠠᠭᠤᠯᠤᠨ ᠨᠠᠮ ᠪᠠ ᠠᠷᠠᠳ ᠲᠦᠮᠡᠨ ᠤ ᠦᠢᠯᠡᠰ ᠲᠤ ᠦᠢᠯᠡᠴᠢᠯᠡᠭᠦᠯᠦᠨ᠎ᠡ᠃ | ᠵᠢᠷᠭᠤᠭ᠎ᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ | ᠡᠷᠬᠡ ᠮᠡᠳᠡᠭᠦ ᠶᠢ ᠪᠠᠲᠤᠯᠠᠨ᠎ᠠ ᠮᠠᠨ ᠤ ᠤᠯᠤᠰ ᠪᠣᠯ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ | ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠬᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ | ᠵᠢᠷᠤᠮᠲᠤ ᠤᠯᠤᠰ ᠮᠥᠨ᠂ ᠲᠦᠷᠦ ᠶᠢᠨ ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ᠃ ᠠᠷᠠᠳ ᠤᠨ | ᠠᠷᠠᠳᠴᠢᠯᠠᠯ ᠪᠣᠯ ᠨᠡᠶᠢᠭᠡᠮ ᠵᠢᠷᠤᠮ ᠤᠨ ᠠᠮᠢ ᠨᠠᠰᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠢᠪᠠᠰᠤ ᠵᠣᠬᠢᠬᠤ ᠠᠭᠤᠯᠭ᠎ᠠ ᠮᠥᠨ᠃ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠮᠥᠨ ᠴᠢᠨᠠᠷ ᠤᠨ ᠰᠢᠨᠵᠢ ᠮᠥᠨ᠂ ᠬᠠᠮᠤᠭ ᠤᠨ | ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠠᠷᠠᠳᠴᠢᠯᠠᠯ ᠮᠥᠨ᠃ ᠡᠷᠬᠡᠪᠰᠢ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠨ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ | ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ ᠵᠣᠷᠢᠭ ᠢ ᠭᠦᠢᠴᠡᠳ ᠢᠯᠡᠷᠡᠭᠦᠯᠦᠨ᠂ ᠠᠷᠠᠳ | ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠨ᠎ᠡ᠃ | ᠪᠢᠳᠡ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ | ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠤᠯᠴᠠᠬᠤ ᠶᠢ ᠥᠷᠭᠡᠳᠬᠡᠨ᠂ ᠠᠷᠠᠳ ᠲᠦᠮᠡᠨ ᠤ ᠠᠷᠠᠳᠴᠢᠯᠠᠯ ᠢᠶᠠᠷ | ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ | ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠪᠠᠳᠠᠷᠠᠭᠤᠯᠤᠨ᠂ ᠠᠮᠢᠳᠤ ᠴᠣᠪᠣᠭᠤᠯᠢᠭ᠂ | ᠠᠮᠤᠷ ᠲᠣᠭᠲᠠᠭᠤᠨ ᠪᠦᠯᠬᠦᠮᠳᠡᠨ ᠨᠢᠭᠡᠳᠦᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ | ︵ᠨᠢᠭᠡ︶ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ | ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠰᠠᠭᠤᠷᠢ ᠤᠯᠤᠰ ᠲᠦᠷᠦ ᠶᠢᠨ ᠪᠠᠶᠢᠭᠤᠯᠤᠯ᠂ | ᠴᠢᠬᠤᠯᠠ ᠤᠯᠤᠰ ᠲᠦᠷᠦ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠯ ᠤᠨ ᠠᠷᠭ᠎ᠠ ᠵᠠᠮ ᠢ ᠥᠷᠭᠡᠳᠬᠡᠨ᠂ | ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠵᠤ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ ᠪᠠ | ᠭᠡᠯᠪᠡᠷᠢ ᠪᠠᠷ ᠳᠠᠮᠵᠢᠨ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠪᠠ ᠰᠣᠶᠣᠯ ᠤᠨ | ᠦᠢᠯᠡᠰ ᠢ ᠬᠠᠮᠢᠶᠠᠷᠬᠤ᠂ ᠨᠡᠶᠢᠭᠡᠮ ᠤᠨ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠨ᠎ᠠ᠃ ᠠᠷᠠᠳ ᠲᠦᠮᠡᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ ᠲᠥᠷᠥ ᠶᠢᠨ ᠡᠷᠬᠡ ᠶᠢ ᠬᠡᠷᠡᠭᠵᠢᠭᠦᠯᠬᠦ ᠶᠢ ᠳᠡᠮᠵᠢᠨ ᠪᠠᠲᠤᠯᠠᠵᠤ᠂ | ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠥᠮ ᠠᠷᠠᠳᠴᠢᠯᠠᠯ ᠢᠶᠠᠷ ᠰᠣᠩᠭᠤᠨ ᠭᠠᠷᠭᠠᠵᠤ᠂ ᠠᠷᠠᠳ | ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠲᠤᠯᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ | ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠᠭᠤᠯᠭᠠᠬᠤ | ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠲᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠬᠠᠤᠯᠢᠵᠢᠯ ᠤᠨ ᠨᠢᠭᠡᠳᠦᠯ᠂ | ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠣᠯᠠᠨ ᠤ ᠬᠠᠷᠢᠯᠴᠠᠭ᠎ᠠ ᠶᠢ ᠨᠢᠭᠲᠠᠷᠠᠭᠤᠯᠤᠨ᠎ᠠ᠃ | ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ | ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ ᠰᠠᠶᠢᠲᠤᠷ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠪᠦᠲᠦᠮᠵᠢᠲᠡᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ | ᠢᠳᠡᠪᠬᠢᠲᠡᠢ ᠣᠷᠣᠯᠴᠠᠨ᠂ ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠵᠥᠪᠯᠡᠭᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠎ᠡ᠃ ᠵᠥᠪᠯᠡᠭᠦ ᠠᠷᠠᠳᠴᠢᠯᠠᠯ ᠪᠣᠯ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠵᠥᠪᠯᠡᠭᠦ | ᠠᠷᠠᠳᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ | ᠠᠷᠠᠳ ᠤᠨ ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠵᠥᠪᠯᠡᠯᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠭᠦ | ᠲᠠᠪᠴᠠᠩ ᠢ ᠪᠦᠷᠢᠨᠰᠢᠭᠦᠯᠦᠨ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ | ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ | ᠵᠥᠪᠯᠡᠭᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠬᠤ ᠪᠠ | ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ | ᠲᠡᠰ ᠲᠠᠷᠠᠭᠠᠯᠠᠯᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠦᠨᠵᠡᠭᠡᠢ ᠵᠥᠪᠳᠡᠯᠴᠡᠨ ᠬᠥᠳᠡᠯᠦᠯᠴᠡᠬᠦ᠂ | ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ | ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠪᠠ ᠭᠡᠰᠢᠭᠦᠳ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠭᠤᠷᠪᠠ︶ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠨ ᠱᠠᠲᠤᠨ ᠤ | ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠢᠯᠡᠷᠡᠯ ᠮᠥᠨ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ | ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ | ᠳᠦᠷᠢᠮ ᠤᠨ ᠰᠢᠰᠲ᠋ᠧᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ | ᠲᠣᠭᠤᠷᠢᠭ ᠤᠨ ᠤᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ | ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯ᠎ᠡ | ᠲᠦᠷᠦᠯ ᠤᠨ ᠬᠠᠮᠲᠤ ᠴᠣᠭᠴᠠ ᠶᠢᠨ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ | ᠠᠷᠭ᠎ᠠ ᠵᠠᠮ ᠢ ᠥᠷᠭᠡᠳᠬᠡᠨ᠂ ᠠᠷᠠᠳ ᠲᠦᠮᠡᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠪᠣᠯᠣᠨ | ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠤᠯᠢ ᠶᠣᠰᠣᠭᠠᠷ ᠬᠠᠮᠢᠶᠠᠷᠬᠤ ᠶᠢ ᠪᠠᠲᠤᠯᠠᠨ᠎ᠠ᠃ ᠪᠦᠭᠦ | ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠨ᠂ ᠠᠵᠢᠯᠲᠠᠨ ᠠᠵᠢᠯᠴᠢᠨ ᠤ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠯ ᠢᠶᠠᠷ ᠬᠠᠮᠢᠶᠠᠷᠬᠤ ᠳᠦᠷᠢᠮ ᠢ ᠪᠦᠷᠢᠨᠰᠢᠭᠦᠯᠵᠦ᠂ | ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠳᠥᠷᠪᠡ︶ | ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ | ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠨᠢᠭᠡᠳᠦᠮᠡᠯ ᠹᠷᠣᠨᠲ ᠪᠣᠯ ᠬᠥᠮᠥᠨ ᠤ | ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠡᠷᠳᠡᠨᠢ ᠮᠥᠨ᠃ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠶᠡᠭᠡ ᠪᠦᠯᠬᠦᠮᠳᠡᠯ ᠶᠡᠭᠡ | ᠬᠤᠯᠪᠣᠭᠠᠯᠠᠯ ᠢ ᠪᠠᠷᠢᠮᠲᠠᠯᠠᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠢ ᠲᠠᠶᠢᠴᠢᠯᠠᠨ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠪᠡᠶᠡᠯᠡᠭᠦᠯᠬᠦ ᠲᠣᠭᠤᠷᠢᠨ ᠳᠤ ᠬᠠᠮᠲᠤ ᠪᠠᠷ ᠰᠡᠳᠬᠢᠵᠦ᠂ ᠬᠠᠮᠲᠤ ᠪᠠᠷ ᠠᠵᠢᠯᠯᠠᠨ᠎ᠠ᠃ ᠮᠠᠨ ᠤ | ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ | ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ ᠠᠴᠠ ᠪᠠᠨ ᠨᠥᠬᠦᠷᠯᠡᠬᠦ᠂ | ᠵᠢᠷᠭᠠᠯ ᠵᠣᠪᠠᠯᠠᠩ ᠢᠶᠠᠨ ᠬᠠᠮᠲᠤᠳᠬᠠᠬᠤ ᠶᠢ ᠪᠠᠷᠢᠮᠲᠠᠯᠠᠨ᠂ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ | ᠬᠥᠮᠥᠰ ᠯᠦᠭᠡ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳᠴᠢᠯᠠᠭᠰᠠᠨ | ᠨᠠᠮ ᠪᠦᠯᠦᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠡᠭᠦᠷᠭᠡ ᠴᠢᠳᠠᠪᠤᠷᠢ ᠪᠠᠨ ᠨᠡᠩ ᠰᠠᠶᠢᠨ | ᠭᠦᠢᠴᠡᠳᠬᠡᠬᠦ ᠶᠢ ᠲᠡᠮᠵᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ᠃ ᠮᠠᠨ ᠤ ᠤᠯᠤᠰ ᠤᠨ ᠱᠠᠰᠢᠨ | ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ | ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠨᠠᠮ ᠤᠨ ᠭᠠᠳᠠᠨᠠᠬᠢ | ᠰᠡᠬᠡᠭᠡᠲᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ | ᠰᠢᠨ᠎ᠡ ᠳᠠᠪᠬᠤᠷᠭ᠎ᠠ ᠶᠢᠨ ᠬᠥᠮᠥᠰ ᠤᠨ ᠠᠵᠢᠯ ᠢ ᠰᠠᠶᠢᠲᠤᠷ ᠬᠢᠵᠦ᠂ ᠬᠠᠮᠲᠤ ᠪᠠᠷ ᠲᠡᠮᠡᠴᠡᠬᠦ ᠤᠯᠤᠰ ᠲᠦᠷᠦ ᠶᠢᠨ | ᠵᠢᠯᠣᠭᠤᠳᠤᠯᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠪᠣᠯᠣᠨ ᠠᠷᠠᠯᠵᠢᠶᠠᠴᠢᠨ ᠤ | ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠪᠠ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ | ᠴᠢᠷᠮᠠᠶᠢᠨ ᠵᠢᠳᠭᠦᠭᠦ ᠬᠦᠴᠦᠷᠬᠡᠭ ᠶᠡᠭᠡ ᠬᠦᠴᠦᠨ ᠴᠢᠳᠠᠯ ᠢ ᠪᠦᠷᠢᠯᠳᠦᠭᠦᠯᠦᠨ᠎ᠡ᠃ ᠳᠣᠯᠤᠭ᠎ᠠ᠂ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ | ᠪᠣᠯ ᠲᠦᠷᠦ ᠶᠢ ᠵᠠᠰᠠᠬᠤ ᠨᠢᠭᠡᠨ ᠤᠳᠠᠭ᠎ᠠ ᠶᠢᠨ ᠭᠦᠨᠵᠡᠭᠡᠢ ᠬᠤᠪᠢᠰᠬᠠᠯ ᠮᠥᠨ᠂ ᠲᠡᠷᠡ ᠨᠢ ᠨᠠᠮ ᠤᠨ ᠲᠦᠷᠦ ᠪᠠᠷᠢᠵᠤ | ᠤᠯᠤᠰ ᠢᠶᠠᠨ ᠮᠠᠨᠳᠤᠭᠤᠯᠬᠤ ᠲᠠᠢ ᠬᠤᠯᠪᠣᠭᠳᠠᠵᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ | ᠬᠤᠯᠪᠣᠭᠳᠠᠵᠤ᠂ ᠨᠠᠮ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠲᠠᠢ ᠬᠤᠯᠪᠣᠭᠳᠠᠳᠠᠭ᠃ ᠡᠷᠬᠡᠪᠰᠢ | ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ | ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠠᠤᠯᠢᠵᠢᠯ ᠤᠨ ᠵᠠᠮ ᠢᠶᠠᠷ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮ ᠤᠨ | ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠪᠠᠲᠤᠯᠠᠨ ᠠᠬᠢᠭᠤᠯᠬᠤ ᠲᠣᠭᠤᠷᠢᠨ ᠳᠤ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠥᠷᠥ ᠪᠠᠷᠢᠬᠤ᠂ | ᠬᠠᠤᠯᠢ ᠪᠠᠷ ᠵᠠᠰᠠᠭ ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ | ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ | ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ | ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ | ᠠᠵᠢᠯ ᠤᠨ ᠬᠠᠤᠯᠢ ᠪᠠᠷ ᠵᠠᠰᠠᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ︵ᠨᠢᠭᠡ︶ ᠦᠨᠳᠦᠰᠦᠨ | ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ | ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠪᠠᠷ ᠤᠯᠤᠰ ᠢᠶᠠᠨ ᠵᠠᠰᠠᠬᠤ ᠶᠢ | ᠪᠠᠷᠢᠮᠲᠠᠯᠠᠬᠤ ᠳᠤ ᠡᠩ ᠲᠡᠷᠢᠭᠦᠨ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ | ᠵᠠᠰᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ | ᠦᠨᠳᠦᠰᠦᠨ ᠬᠠᠤᠯᠢ ᠪᠠᠷ ᠲᠦᠷᠦ ᠪᠠᠷᠢᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠨ᠂ | ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ | ᠲᠦᠷᠦ ᠶᠢᠨ ᠪᠦᠲᠦᠴᠡ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ | ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ | ᠪᠠ ᠬᠢᠨᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ | ᠰᠢᠰᠲ᠋ᠧᠮ ᠢ ᠪᠦᠷᠢᠨᠰᠢᠭᠦᠯᠦᠨ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠦᠨᠳᠦᠰᠦᠨ ᠬᠠᠤᠯᠢ ᠶᠢᠨ | ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠨ᠎ᠠ᠃ | ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ | ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ | ᠬᠠᠤᠯᠢᠵᠢᠯ ᠪᠠ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠨ ᠬᠠᠤᠯᠢ ᠪᠠᠷ | ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠠᠷ | ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ | ᠥᠭᠡᠷᠡᠴᠢᠯᠡᠬᠦ ᠤᠰᠠᠳᠬᠠᠬᠤ ᠲᠠᠶᠢᠯᠪᠤᠷᠢᠯᠠᠬᠤ ᠨᠠᠶᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠯᠲᠠ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭᠴᠢ ᠴᠢᠨᠠᠷ ᠢ ᠴᠢᠩᠭᠠᠳᠬᠠᠨ᠎ᠠ᠃ | ᠳᠠᠩᠰᠠᠯᠠᠵᠤ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠡᠰ | ᠳᠠᠷᠠᠭᠠᠯᠠᠯ ᠤᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︵ᠬᠤᠶᠠᠷ︶ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ | ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ | ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠪᠣᠯᠣᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ | ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢᠵᠢᠯᠲᠠ ᠶᠢ ᠠᠬᠢᠭᠤᠯᠵᠤ᠂ | ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠢᠲᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠭᠤᠨ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠤᠪᠢ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠲᠡᠭᠦᠯᠳᠡᠷᠵᠢᠭᠦᠯᠵᠦ᠂ | ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠭᠤᠷᠪᠠ︶ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨ᠎ᠠ᠃ | ᠲᠥᠪ ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ | ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ | ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠲᠥᠪ ᠭᠤᠣᠯᠴᠢ ᠥᠨᠳᠥᠷ | ᠪᠦᠲᠦᠮᠵᠢᠲᠡᠢ ᠡᠷᠬᠡ ᠰᠦᠷᠲᠦ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠦᠷᠢᠮ ᠢ ᠲᠦᠷᠭᠡᠳᠬᠡᠨ ᠪᠠᠶᠢᠭᠤᠯᠵᠤ᠂ | ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃ | ᠬᠠᠤᠯᠢ ᠪᠠᠷᠢᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ | ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ | ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢ ᠪᠠᠷᠢᠬᠤ ᠠᠵᠢᠯᠯᠠᠭ᠎ᠠ ᠶᠢᠨ ᠬᠢᠵᠠᠭᠠᠷᠯᠠᠯ | ᠬᠢᠨᠠᠯᠲᠠ ᠶᠢ ᠴᠢᠩᠭᠠᠳᠬᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠤᠨ᠎ᠠ᠃ ᠪᠠᠶᠢᠴᠠᠭᠠᠬᠤ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠳᠦᠷᠢᠮ ᠢ ᠲᠡᠭᠦᠯᠳᠡᠷᠵᠢᠭᠦᠯᠦᠨ᠎ᠡ᠃ ︵ᠳᠥᠷᠪᠡ︶ ᠬᠠᠤᠯᠢᠵᠢᠯ ᠤᠨ ᠨᠡᠶᠢᠭᠡᠮ ᠢ | ᠲᠦᠷᠭᠡᠳᠬᠡᠨ ᠪᠠᠶᠢᠭᠤᠯᠤᠨ᠎ᠠ᠃ ᠬᠠᠤᠯᠢᠵᠢᠯ ᠤᠨ ᠨᠡᠶᠢᠭᠡᠮ ᠪᠣᠯ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢ ᠮᠥᠨ᠃ | ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ | ᠴᠠᠭᠠᠵᠠ ᠶᠢᠨ ᠰᠣᠶᠣᠯ ᠢ ᠵᠠᠯᠭᠠᠮᠵᠢᠯᠠᠨ᠂ ᠪᠦᠭᠦ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠨᠡᠶᠢᠭᠡᠮ ᠵᠢᠷᠤᠮ ᠤᠨ ᠬᠠᠤᠯᠢᠵᠢᠯ ᠤᠨ ᠦᠨᠡᠨᠴᠢ ᠰᠢᠳᠤᠷᠭᠤ ᠡᠷᠬᠢᠮᠯᠡᠨ ᠳᠡᠭᠡᠳᠦᠯᠡᠭᠴᠢ᠂ ᠤᠬᠠᠮᠰᠠᠷ ᠠᠴᠠ ᠪᠠᠨ | ᠵᠢᠷᠤᠮᠯᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨ᠎ᠠ᠃ ᠬᠤᠳᠠ ᠬᠥᠳᠡᠭᠡ ᠶᠢ ᠬᠠᠮᠤᠷᠤᠭᠰᠠᠨ ᠤᠳᠤ | ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠭᠦ ᠠᠷᠠᠳ ᠤᠨ | ᠬᠠᠤᠯᠢᠵᠢᠯ ᠤᠨ ᠦᠵᠡᠯᠲᠡ ᠶᠢ ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ ᠤᠯᠠᠨ ᠬᠦᠷᠢᠶ᠎ᠡ | ᠴᠠᠷᠠᠭᠠᠨ ᠤ ᠬᠠᠤᠯᠢ ᠪᠠᠷ ᠵᠠᠰᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ | ᠰᠠᠬᠢᠬᠤ ᠬᠠᠤᠯᠢ ᠶᠢ ᠬᠡᠷᠡᠭᠯᠡᠬᠦ ᠶᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠪᠠᠷ ᠴᠢᠷᠮᠠᠶᠢᠨ᠎ᠠ᠃ ᠨᠠᠢᠮᠠ᠂ | ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠭᠡᠷᠡᠯ ᠰᠠᠴᠤᠷᠠᠩᠭᠤᠢ ᠰᠢᠨ᠎ᠡ | ᠠᠮᠵᠢᠯᠲᠠ ᠶᠢ ᠡᠭᠦᠳᠦᠨ᠎ᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠨ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ | ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠴᠡᠴᠡᠭᠯᠡᠭᠦᠯᠬᠦ᠂ | ᠳᠦᠷᠢ ᠲᠥᠷᠬᠦ ᠪᠠᠨ ᠢᠯᠡᠷᠡᠭᠦᠯᠭᠦ ᠲᠣᠭᠤᠷᠢᠨ ᠳᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ | ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳ᠋ᠠᠬᠢᠨ ᠳᠤ ᠬᠠᠨᠳᠤᠭᠤᠯᠤᠭᠰᠠᠨ᠂ ᠢᠷᠡᠭᠡᠳᠦᠢ ᠳᠤ ᠬᠠᠨᠳᠤᠭᠤᠯᠤᠭᠰᠠᠨ᠂ ᠦᠨᠳᠦᠰᠦᠲᠡᠨ ᠤ᠂ | ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠵᠦ᠂ ᠪᠦᠭᠦ ᠦᠨᠳᠦᠰᠦᠲᠡᠨ ᠤ ᠰᠣᠶᠣᠯ ᠤᠨ | ᠰᠢᠨ᠎ᠡ ᠶᠢ ᠡᠭᠦᠳᠭᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢ ᠴᠢᠩᠭᠠᠷᠠᠭᠤᠯᠤᠨ᠎ᠠ᠃ | ᠪᠢᠳᠡ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ | ᠵᠢᠷᠤᠮ ᠳᠤ ᠦᠢᠯᠡᠴᠢᠯᠡᠬᠦ ᠶᠢ ᠪᠠᠷᠢᠮᠲᠠᠯᠠᠵᠤ᠂ ᠴᠡᠴᠡᠭ ᠪᠦᠭᠦᠨ ᠢ ᠵᠡᠷᠭᠡ ᠪᠠᠷ ᠳᠡᠯᠭᠡᠷᠡᠭᠦᠯᠦᠨ᠂ ᠡᠷᠳᠡᠮᠲᠡᠨ ᠪᠦᠭᠦᠠ ᠢ ᠴᠢᠯᠦᠭᠡᠲᠡᠢ | ᠶᠠᠷᠢᠯᠴᠠᠭᠤᠯᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ | ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ | ᠬᠤᠪᠢᠰᠬᠠᠯ ᠤᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ | ᠰᠠᠭᠤᠷᠢ ᠶᠢ ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ ᠶᠢᠨ | ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ ︵ᠨᠢᠭᠡ︶ | ᠬᠦᠴᠦᠷᠬᠡᠭ ᠶᠡᠭᠡ ᠨᠢᠭᠲᠠᠷᠠᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠭᠡᠯᠪᠡᠷᠢ ᠶᠢᠨ | ᠠᠵᠢᠯ ᠪᠣᠯ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠵᠤ᠂ ᠦᠨᠳᠦᠰᠦᠲᠡᠨ ᠤ ᠰᠦᠭ ᠰᠦᠨᠡᠰᠦ ᠶᠢ ᠱᠤᠭᠤᠬᠤ ᠠᠵᠢᠯ ᠮᠥᠨ᠃ | ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ | ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ | ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ | ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ᠂ ᠦᠢᠯᠡᠳᠦᠯᠭᠡ ᠶᠢ | ᠵᠢᠯᠣᠭᠤᠳᠤᠭᠤᠯᠬᠤ ᠠᠵᠢᠯ ᠤᠨ ᠰᠢᠰᠲ᠋ᠧᠮ ᠢ ᠪᠦᠷᠢᠨᠰᠢᠭᠦᠯᠦᠨ᠎ᠡ᠃ ᠮᠠᠷᠺᠰ ᠤᠨ ᠦᠵᠡᠯ ᠤᠨ | ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ | ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠤ | ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠷᠢᠰᠢᠯ ᠢ | ᠪᠤᠢ ᠪᠣᠯᠭᠠᠨ᠎ᠠ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠦᠯᠵᠢᠶᠡᠨ ᠤ ᠰᠠᠶᠢᠨ | ᠰᠠᠶᠢᠬᠠᠨ ᠠᠮᠢ ᠠᠬᠤᠢ ᠶᠢ ᠪᠤᠢ ᠪᠤᠯᠭᠠᠬᠤ ᠶᠢ ᠠᠬᠢᠭᠤᠯᠤᠨ᠎ᠠ᠃ ︵ᠬᠤᠶᠠᠷ︶ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠥᠷᠭᠡᠨ ᠳᠡᠯᠭᠡᠷ ᠦᠢᠯᠡᠳᠦᠯᠭᠡᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠪᠣᠯ ᠬᠥᠮᠥᠰ ᠤᠨ ᠰᠡᠳᠬᠢᠯ ᠪᠠ ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ | ᠶᠡᠭᠡ ᠬᠦᠴᠦᠨ ᠮᠥᠨ᠃ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠤᠯᠭᠠᠬᠰᠠᠨ | ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ ᠪᠠᠳᠠᠷᠠᠭᠤᠯᠵᠤ᠂ ᠬᠤᠪᠢᠰᠬᠠᠯ ᠤᠨ | ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ | ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ | ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠦᠨ᠎ᠡ᠃ ᠬᠦᠰᠡᠯᠡᠩ | ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ᠂ | ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠦᠬᠡ ᠪᠠᠨ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠪᠠᠨ | ᠮᠡᠳᠡᠵᠦ ᠤᠯᠤᠰ ᠢᠶᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠲᠤᠳᠬᠠᠨ᠎ᠠ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠵᠦ᠂ | ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠪᠣᠯᠣᠨ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠠᠷ ᠤᠯᠤᠰ ᠢ ᠵᠠᠰᠠᠬᠤ ᠪᠠ ᠶᠣᠰᠣ | ᠰᠤᠷᠲᠠᠬᠤᠨ ᠢᠶᠠᠷ ᠤᠯᠤᠰ ᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢᠵᠢᠯ ᠤᠨ ᠪᠠᠶᠢᠭᠤᠯᠤᠯᠲᠠ ᠳᠤ ᠠᠭᠤᠰᠬᠠᠨ᠂ | ᠨᠡᠶᠢᠭᠡᠮ ᠤᠨ ᠬᠥᠭᠵᠢᠯᠲᠡ ᠳᠤ ᠠᠭᠤᠰᠬᠠᠵᠤ᠂ ᠡᠳᠦᠷ ᠲᠤᠳᠤᠮ ᠤᠨ ᠠᠮᠢᠳᠤᠷᠠᠯ ᠳᠤ ᠠᠭᠤᠰᠬᠠᠨ᠎ᠠ᠃ | ︵ᠭᠤᠷᠪᠠ︶ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠢᠷᠭᠡᠨ ᠤ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠤᠯᠠᠮᠵᠢᠯᠠᠯᠲᠤ | ᠰᠠᠶᠢᠬᠠᠨ ᠶᠣᠰᠣ ᠰᠤᠷᠲᠠᠬᠤᠨ ᠢ ᠪᠠᠳᠠᠷᠠᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ | ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠶᠡᠭᠡ ᠶᠣᠰᠣ ᠶᠢ ᠮᠡᠳᠡᠭᠦ᠂ ᠨᠡᠶᠢᠲᠡ ᠶᠢᠨ | ᠶᠣᠰᠣ ᠶᠢ ᠰᠠᠬᠢᠬᠤ᠂ ᠬᠤᠪᠢ ᠶᠢᠨ ᠶᠣᠰᠣ ᠶᠢ ᠴᠢᠩᠳᠠᠯᠠᠬᠤ ᠶᠢ ᠠᠬᠢᠭᠤᠯᠵᠤ᠂ ᠠᠷᠠᠳ ᠲᠦᠮᠡᠨ ᠤ ᠶᠣᠰᠣ | ᠰᠤᠷᠲᠠᠬᠤᠨ ᠤ ᠲᠦᠪᠰᠢᠨ ᠪᠣᠯᠣᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠪᠣᠯᠪᠠᠰᠤᠨ ᠢ ᠬᠥᠮᠥᠵᠢᠭᠦᠯᠬᠦ᠂ | ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ | ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ | ᠪᠦᠭᠦ ᠨᠡᠶᠢᠭᠡᠮ ᠳᠤ ᠭᠦᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠭᠤᠶᠠᠴᠢ ᠦᠭᠡᠢ ᠵᠢᠳᠭᠦᠭᠦ | ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ | ᠪᠣᠯᠭᠠᠨ᠎ᠠ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ | ᠠᠷᠠᠳ ᠤᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ | ᠳᠦᠷᠢᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃ ᠨᠠᠮ | ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠵᠣᠷᠢᠭ ᠰᠠᠨᠠᠭᠠᠨ ᠤ ᠬᠥᠲᠥᠯᠥᠨ ᠳᠠᠭᠠᠭᠤᠯᠬᠤ᠂ | ᠨᠡᠶᠢᠲᠡᠯᠢᠭ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ | ᠪᠠᠭᠠᠲᠤᠷᠴᠤᠳ ᠢ ᠳᠡᠭᠡᠳᠦᠯᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠤᠨ᠎ᠠ᠃ ︵ᠳᠥᠷᠪᠡ︶ | ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ | ᠲᠦᠮᠡᠨ ᠢᠶᠠᠷ ᠭᠤᠣᠯ ᠪᠤᠯᠭᠠᠬᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠠᠷᠠᠳ | ᠲᠦᠮᠡᠨ ᠤ ᠤᠶᠤᠨ ᠰᠠᠨᠠᠭᠠᠨ ᠤ ᠬᠦᠴᠦᠨ ᠴᠢᠳᠠᠯ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ ᠤᠯᠠᠨ ᠭᠠᠷᠭᠠᠵᠤ᠂ | ᠮᠣᠷᠠᠯ ᠡᠷᠳᠡᠮ ᠬᠤᠣᠰᠯᠠᠭᠰᠠᠨ ᠦᠯᠡᠮᠵᠢ ᠤᠯᠠᠨ ᠤᠳᠬ᠎ᠠ ᠵᠣᠬᠢᠶᠠᠯᠴᠢ ᠤᠷᠠᠯᠢᠭᠴᠢᠳ ᠪᠣᠯᠣᠨ ᠬᠡᠪᠴᠢᠶ᠎ᠡ ᠪᠠᠷ ᠠᠤᠭ᠎ᠠ ᠶᠡᠭᠡ | ᠰᠣᠶᠣᠯ ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠣᠶᠢᠵᠢᠭᠤᠯᠤᠨ᠎ᠠ᠃ ᠨᠡᠶᠢᠭᠡᠮ ᠤᠨ ᠦᠷ᠎ᠡ | ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ | ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠰᠣᠶᠣᠯ ᠤᠨ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠰᠣᠶᠣᠯ ᠤᠨ | ᠲᠤᠭᠠᠴᠢᠯᠠᠭᠤᠯᠤᠯᠳᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠤᠳᠤ | ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠦᠨ᠎ᠡ᠃ | ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠣᠨ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ | ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ | ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ | ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠨ᠎ᠡ᠃ ᠰᠣᠶᠣᠯ ᠢᠶᠠᠷ | ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠭᠦ ᠶᠢ ᠪᠠᠷᠢᠮᠲᠠᠯᠠᠵᠤ᠂ ᠰᠣᠶᠣᠯ | ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠪᠦᠭᠦ ᠠᠷᠠᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠪᠡᠶ᠎ᠡ ᠶᠢᠨ ᠲᠠᠮᠢᠷ | ᠪᠣᠯᠣᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ | ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ︵ᠲᠠᠪᠤ︶ | ᠳᠤᠮᠳᠠᠳᠤ ᠶᠢᠨ ᠪᠣᠯᠪᠠᠰᠤᠨ ᠤ ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ᠃ | ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ ᠤ ᠤᠶᠤᠨ ᠰᠠᠨᠠᠭᠠᠨ ᠤ ᠪᠡᠯᠭᠡ ᠲᠡᠮᠳᠡᠭ | ᠪᠣᠯᠣᠨ ᠰᠣᠶᠣᠯ ᠤᠨ ᠤᠭᠢ ᠰᠣᠳᠣ ᠶᠢ ᠪᠣᠯᠪᠠᠰᠤᠷᠠᠭᠤᠯᠤᠨ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠦᠭᠡ | ᠭᠡᠯᠡᠭᠦ ᠪᠠ ᠦᠭᠦᠯᠡᠭᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ | ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠤᠨ᠂ ᠢᠲᠡᠭᠡᠭᠦᠰᠢᠲᠡᠢ᠂ ᠬᠠᠶᠢᠷᠠᠯᠠᠭᠤᠰᠢᠲᠠᠢ᠂ ᠬᠦᠨᠳᠦᠳᠬᠡᠭᠦᠰᠢᠲᠡᠢ | ᠳᠤᠮᠳᠠᠳᠤ ᠤᠯᠤᠰ ᠤᠨ ᠳᠦᠷᠢ ᠲᠥᠷᠬᠦ ᠶᠢ ᠬᠠᠷᠠᠭᠤᠯᠤᠨ᠎ᠠ᠃ ᠤᠯᠠᠨ ᠤᠯᠤᠰ ᠤᠨ ᠳᠠᠮᠵᠢᠭᠤᠯᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠤᠯᠤᠰ ᠤᠨ ᠳᠠᠮᠵᠢᠭᠤᠯᠭ᠎ᠠ ᠶᠢᠨ | ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠯᠤᠰ ᠤᠨ ᠶᠡᠷᠦᠩᠬᠡᠢ | ᠬᠦᠴᠦᠨ ᠪᠣᠯᠣᠨ ᠳᠡᠯᠡᠬᠡᠢ ᠶᠢᠨ ᠪᠠᠶᠢᠷᠢ ᠰᠠᠭᠤᠷᠢ ᠯᠤᠭ᠎ᠠ ᠵᠣᠬᠢᠴᠠᠭᠰᠠᠨ ᠳᠡᠯᠡᠬᠡᠢ ᠳᠡᠭᠡᠷᠡᠬᠢ ᠦᠭᠡ ᠭᠡᠯᠡᠭᠦ ᠡᠷᠬᠡ ᠶᠢ ᠪᠤᠢ | ᠪᠣᠯᠭᠠᠨ᠎ᠠ᠃ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ | ᠳᠡᠯᠡᠬᠡᠢ ᠳ᠋ᠠᠬᠢᠨ ᠳᠤ ᠬᠠᠨᠳᠤᠬᠤ ᠶᠢ ᠠᠬᠢᠭᠤᠯᠤᠨ᠎ᠠ᠃ ᠶᠢᠰᠦ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ | ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ ᠤᠯᠤᠰ ᠤᠨ | ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠦ ᠭᠦᠷᠤᠨ ᠢ ᠪᠠᠶᠢᠭᠤᠯᠵᠤ ᠲᠦᠷᠦ ᠭᠦᠷᠤᠨ ᠢᠶᠠᠨ ᠰᠠᠬᠢᠬᠤ ᠳᠤ᠂ | ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠶᠤᠮ᠃ ᠲᠦᠷᠤ ᠶᠢ ᠵᠠᠰᠠᠬᠤ ᠳᠤᠷ ᠲᠣᠭᠲᠠᠭᠰᠠᠨ ᠪᠣᠳᠣᠯᠭ᠎ᠠ ᠠᠮᠣᠢ᠂ | ᠠᠷᠠᠳ ᠲᠤ ᠠᠰᠢᠭ ᠬᠦᠷᠲᠡᠭᠡᠬᠦ ᠠᠨᠤ ᠦᠨᠳᠦᠰᠦ ᠪᠤᠯᠠᠢ᠃ ᠠᠷᠠᠳ ᠲᠦᠮᠡᠨ ᠳᠤ ᠪᠤᠶᠠᠨ ᠦᠢᠯᠡᠳᠭᠦ ᠪᠣᠯ ᠨᠡᠶᠢᠲᠡ ᠶᠢᠨ ᠲᠥᠯᠥᠭᠡ | ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠪᠠᠷᠢᠮᠲᠠᠯᠠᠵᠤ᠂ | ᠬᠠᠮᠲᠤ ᠪᠠᠷ ᠲᠡᠮᠡᠴᠡᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠦᠨ᠎ᠡ᠃ ᠪᠢᠳᠡ ᠬᠠᠮᠤᠭ ᠤᠨ ᠥᠷᠭᠡᠨ ᠤᠯᠠᠨ | ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ | ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠴᠢᠩᠭ᠎ᠠ ᠠᠳᠬᠤᠨ᠂ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠨᠨ ᠠᠷᠭ᠎ᠠ ᠬᠡᠮᠵᠢᠶ᠎ᠡ ᠠᠪᠴᠤ᠂ | ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠭᠦᠷᠳᠡᠭᠦᠶᠢᠴᠡ ᠴᠢᠨᠠᠷ ᠢ ᠴᠢᠩᠭᠠᠳᠬᠠᠵᠤ᠂ | ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ︵ᠨᠢᠭᠡ︶ | ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠪᠢᠶᠠᠷᠢᠯᠠᠯᠲᠠ ᠶᠢᠨ | ᠳᠦᠷᠢᠮ ᠪᠣᠯ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠳᠦᠷᠢᠮ ᠮᠥᠨ᠃ ᠬᠥᠳᠡᠯᠮᠦᠷᠢᠯᠡᠭᠰᠡᠨ ᠤ | ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ ᠤᠯᠠᠨ ᠲᠦᠷᠤᠯ ᠤᠨ ᠬᠤᠪᠢᠶᠠᠷᠢᠯᠠᠯᠲᠠ ᠶᠢᠨ ᠠᠷᠭ᠎ᠠ | ᠭᠡᠯᠪᠡᠷᠢ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ᠂ ᠲᠠᠭᠢᠨ ᠬᠤᠪᠢᠶᠠᠷᠢᠯᠠᠯᠲᠠ᠂ | ᠭᠤᠷᠪᠠᠳᠠᠭᠢ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠤᠯᠤᠰ | ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠡᠵᠡᠯᠡᠭᠦ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢ ᠶᠢᠨ | ᠵᠢᠩ ᠢ ᠴᠢᠷᠮᠠᠶᠢᠨ ᠳᠡᠭᠡᠭᠰᠢᠯᠡᠭᠦᠯᠵᠦ᠂ ᠠᠩᠬᠠᠨ ᠤ ᠬᠤᠪᠢᠶᠠᠷᠢᠯᠠᠯᠲᠠ ᠳᠤ ᠡᠵᠡᠯᠡᠭᠦ ᠭᠦᠳᠡᠯᠮᠦᠷᠢ ᠶᠢᠨ ᠬᠥᠯᠥᠰᠦ | ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠢᠯᠡᠭᠦᠦ ᠬᠥᠳᠡᠯᠮᠦᠷᠢᠯᠡᠪᠡᠯ ᠢᠯᠡᠭᠦᠦ | ᠣᠯᠭᠤᠬᠤ ᠶᠢ ᠪᠠᠷᠢᠮᠲᠠᠯᠠᠨ᠂ ᠠᠵᠢᠯᠴᠢ ᠭᠦᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠲᠣᠭᠢᠶᠠᠯ ᠢ | ᠲᠥᠪ ᠭᠤᠣᠯᠴᠢ ᠪᠠᠶᠢᠯᠭᠠᠬᠤ ᠶᠢ ᠠᠬᠢᠭᠤᠯᠤᠨ᠂ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ | ᠵᠡᠷᠭᠡ ᠶᠢᠨ ᠣᠷᠣᠯᠭ᠎ᠠ ᠲᠠᠢ ᠬᠥᠮᠥᠰ ᠤᠨ ᠲᠤᠭ᠎ᠠ ᠶᠢ ᠨᠡᠮᠡᠭᠳᠡᠭᠦᠯᠦᠨ᠎ᠡ᠃ ᠬᠦᠴᠦᠨ ᠵᠦᠢᠯ ᠢᠶᠠᠷ | ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠳᠤᠮᠳᠠ ᠳᠣᠣᠷ᠎ᠠ | ᠣᠷᠣᠯᠭ᠎ᠠ ᠲᠠᠢ ᠣᠯᠠᠨ ᠲᠦᠮᠡᠨ ᠤ ᠬᠦᠴᠦᠨ ᠵᠦᠢᠯ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠬᠦ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ᠂ | ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥ ᠭᠭᠦ ᠵᠡᠷᠭᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠪᠢ | ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠣᠷᠣᠯᠭ᠎ᠠ ᠶᠢᠨ | ᠬᠤᠪᠢᠶᠠᠷᠢᠯᠠᠯᠲᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠡᠳ᠋ ᠪᠠᠶᠠᠯᠢᠭ | ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠵᠤ᠂ ᠬᠠᠤᠯᠢ ᠶᠣᠰᠣᠨ ᠤ ᠣᠷᠣᠯᠭ᠎ᠠ ᠶᠢ ᠬᠠᠮᠠᠭᠠᠯᠠᠨ᠂ | ᠭᠡᠳᠦ ᠥᠨᠳᠥᠷ ᠣᠷᠣᠯᠭ᠎ᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠨ᠎ᠠ᠃ ᠬᠦᠰᠡᠯ | ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠬᠤᠪᠢ ᠬᠥᠮᠥᠨ ᠤ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ | ᠢᠳᠡᠪᠬᠢᠲᠡᠢ ᠣᠷᠤᠯᠴᠠᠬᠤ ᠶᠢ ᠬᠥᠲᠥᠯᠥᠨ ᠵᠢᠯᠤᠭᠤᠳᠴᠤ ᠳᠡᠮᠵᠢᠨ᠎ᠡ᠃ ︵ᠬᠤᠶᠠᠷ︶ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ | ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ | ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ | ᠣᠯᠭᠤᠯᠲᠠ ᠶᠢ ᠳᠡᠮᠵᠢᠭᠦ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠬᠥᠮᠥᠰ ᠤᠨ ᠠᠵᠢᠯ | ᠣᠯᠭᠤᠯᠲᠠ ᠳᠤ ᠦᠨᠳᠦᠰᠦᠨ ᠵᠦᠢᠯ ᠢ ᠨᠢ ᠪᠠᠲᠤᠯᠠᠵᠤ ᠬᠠᠪᠰᠤᠷᠤᠨ ᠲᠡᠳᠭᠦᠭᠦ ᠶᠢ ᠴᠢᠩᠭᠠᠳᠬᠠᠨ᠎ᠠ᠃ ᠬᠤᠳᠠ | ᠬᠥᠳᠡᠭᠡ ᠶᠢᠨ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠵᠦ᠂ ᠭᠦᠳᠡᠯᠮᠦᠷᠢ ᠬᠦᠴᠦ | ᠪᠣᠯᠣᠨ ᠴᠢᠳᠠᠪᠤᠷᠢᠲᠠᠨ ᠤ ᠰᠢᠯᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠪᠠ ᠲᠦᠷᠦ ᠶᠢᠨ ᠪᠣᠳᠣᠯᠭ᠎ᠠ ᠶᠢᠨ ᠭᠡᠮ | ᠰᠣᠭᠤᠭ ᠢ ᠠᠷᠢᠯᠭᠠᠨ᠂ ᠡᠷᠬᠡ ᠲᠡᠭᠰᠢ ᠠᠵᠢᠯ ᠣᠯᠭᠤᠯᠲᠠ ᠶᠢ ᠨᠥᠯᠥᠭᠡᠯᠡᠵᠦ ᠪᠠᠶᠢᠭ᠎ᠠ ᠵᠦᠢ ᠵᠣᠬᠢᠰ ᠦᠭᠡᠢ | ᠬᠢᠵᠠᠭᠠᠷᠯᠠᠯ ᠪᠣᠯᠣᠨ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠵᠤ᠂ ᠬᠥᠮᠥᠨ ᠪᠦᠭᠦᠨ ᠳᠤ | ᠴᠥᠮ ᠰᠢᠷᠭᠠᠭᠤ ᠭᠦᠳᠡᠯᠮᠦᠷᠢ ᠪᠠᠷ ᠢᠶᠠᠨ ᠥᠪᠡᠷ ᠢ ᠪᠠᠨ ᠬᠥᠭᠵᠢᠭᠦᠯᠬᠦ ᠵᠠᠪᠰᠢᠶᠠᠨ ᠲᠠᠢ ᠪᠣᠯᠭᠠᠨ᠎ᠠ᠃ ᠨᠠᠰᠤᠨ ᠲᠤᠷᠰᠢᠲᠠ ᠶᠢᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠦᠷᠢᠨᠰᠢᠭᠦᠯᠵᠦ᠂ ᠪᠦᠲᠦᠴᠡ ᠶᠢᠨ | ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠦᠢᠯᠡᠰ | ᠪᠣᠰᠬᠠᠬᠤ ᠪᠠᠷ ᠲᠠᠮᠵᠢᠨ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠪᠠᠲᠤᠯᠠᠭ᠎ᠠ ᠶᠢᠨ | ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠢ ᠬᠥᠭᠵᠢᠭᠦᠯᠬᠦ ᠶᠢ ᠲᠡᠮᠵᠢᠵᠤ ᠵᠢᠷᠤᠮᠵᠢᠭᠤᠯᠤᠨ᠎ᠠ᠃ | ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠮᠢᠳᠤᠯᠢᠭ ᠢᠶᠠᠷ ᠠᠵᠢᠯ ᠣᠯᠬᠤ ᠪᠠ ᠰᠢᠨ᠎ᠡ | ᠭᠡᠯᠪᠡᠷᠢ ᠪᠠᠶᠢᠳᠠᠯ ᠢᠶᠠᠷ ᠠᠵᠢᠯ ᠣᠯᠬᠤ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃ | ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠣᠯ | ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ | ᠲᠣᠭᠲᠠᠪᠤᠷᠢᠵᠢᠭᠤᠯᠤᠭᠴᠢ ᠮᠥᠨ᠃ ᠪᠦᠭᠦ ᠠᠷᠠᠳ ᠢ ᠬᠠᠮᠤᠷᠤᠭᠰᠠᠨ᠂ ᠬᠤᠳᠠ | ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ | ᠦᠷᠭᠦᠯᠵᠢᠯᠡᠬᠦᠶᠢᠴᠡ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ | ᠳᠦᠷᠢᠮ ᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠯᠠᠨ ᠲᠡᠰ ᠳᠠᠪᠬᠤᠷᠭᠠᠲᠤ᠂ | ᠤᠯᠠᠨ ᠲᠤᠯᠭᠠᠭᠤᠷᠢᠳᠤ ᠰᠢᠰᠲ᠋ᠧᠮ ᠢ ᠬᠥᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ | ᠠᠭᠠᠵᠢᠮ ᠠᠬᠢᠭᠤᠯᠬᠤ ᠮᠠᠶ᠋ᠢᠭ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ | ᠡᠮᠴᠢᠯᠡᠭᠡᠨ ᠤ ᠦᠨᠳᠦᠰᠦᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ | ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ | ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ | ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ | ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠬᠦᠨᠳᠦ ᠡᠪᠡᠳᠴᠢᠨ ᠤ | ᠳᠠᠭᠠᠳᠬᠠᠯ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠣᠨᠳᠣᠣ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠢ ᠪᠠᠶᠢᠭᠤᠯᠤᠨ᠂ ᠬᠤᠳᠠᠯᠳᠤᠭᠠᠨ ᠤ ᠡᠮᠴᠢᠯᠡᠭᠡᠨ ᠤ ᠳᠠᠭᠠᠳᠬᠠᠯ ᠢ ᠢᠳᠡᠪᠬᠢᠲᠡᠢ | ᠬᠥᠭᠵᠢᠭᠦᠯᠦᠨ᠎ᠡ᠃ ᠪᠦᠭᠦ ᠤᠯᠤᠰ ᠤᠨ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ | ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨ᠎ᠡ᠃ | ᠲᠡᠰ ᠳᠠᠪᠬᠤᠷᠭ᠎ᠠ ᠪᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠡᠮᠳᠡᠭᠴᠦᠳ ᠤᠨ ᠨᠡᠶᠢᠭᠡᠮ ᠤᠨ | ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ | ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ | ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ | ᠰᠠᠭᠤᠴᠠ ᠶᠢᠨ ᠳᠦᠷᠢᠮ ᠢ ᠲᠦᠷᠭᠡᠳᠬᠡᠨ ᠪᠠᠶᠢᠭᠤᠯᠤᠨ᠎ᠠ᠃ ︵ᠳᠥᠷᠪᠡ︶ ᠡᠷᠡᠭᠦᠯ ᠡᠩᠬᠡ | ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠪᠣᠯ ᠦᠨᠳᠦᠰᠦᠲᠡᠨ ᠤ | ᠬᠥᠭᠵᠢᠯ ᠪᠠᠳᠠᠷᠠᠯ ᠪᠠ ᠤᠯᠤᠰ ᠣᠷᠣᠨ ᠤ ᠬᠦᠴᠦᠷᠬᠡᠭᠵᠢᠯ ᠤᠨ ᠴᠢᠬᠤᠯᠠ ᠪᠡᠯᠭᠡ ᠲᠡᠮᠳᠡᠭ ᠮᠥᠨ᠃ ᠠᠷᠠᠳ | ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ | ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠮᠦᠨ | ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠤᠨ᠂ ᠦᠷᠡᠵᠢᠯ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠲᠦᠷᠤᠬᠦ᠂ ᠦᠰᠭᠡᠨ ᠬᠦᠮᠤᠵᠢᠬᠦᠯᠬᠦ᠂ ᠰᠤᠷᠭᠠᠨ | ᠬᠥᠮᠦᠵᠢᠬᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠥᠮᠦᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠠᠵᠢᠯ ᠦᠢᠯᠡᠰ ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ | ᠭᠤᠤᠨᠢ ᠪᠡᠶ᠎ᠠ ᠨᠠᠰᠤᠳᠠᠨ ᠳᠤ ᠦᠢᠯᠡᠴᠢᠯᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠪᠦᠬᠦᠶᠢᠯᠡ ᠨᠠᠰᠤᠲᠠᠶᠢᠴᠤᠳ ᠲᠤ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠬᠦ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠭᠠᠯ᠂ | ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ ᠰᠠᠶᠢᠲᠠᠶ ᠡᠮᠴᠢᠯᠡᠭᠡᠨ ᠤ | ᠡᠬᠢ ᠪᠠᠶᠠᠯᠢᠭ ᠤᠨ ᠬᠡᠪᠴᠢᠶ᠎ᠠ ᠶᠢ ᠥᠷᠭᠡᠳᠭᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠳᠠ ᠶᠢ ᠠᠬᠢᠭᠤᠯᠵᠤ᠂ | ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠨᠳᠦ ᠶᠡᠭᠡ ᠠᠷᠬᠠᠬ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠳᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ ᠵᠢᠷᠤᠮᠵᠢᠭᠤᠯᠤᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠬᠥᠳᠡᠭᠡ | ᠲᠣᠰᠭᠤᠨ ᠪᠠ ᠨᠡᠶᠢᠭᠡᠮ ᠲᠣᠭᠤᠷᠢᠭ ᠲᠤ ᠲᠠᠯᠪᠢᠨ᠎ᠠ᠃ ᠰᠡᠳᠭᠢᠴᠡ ᠶᠢᠨ ᠡᠷᠡᠭᠦᠯ ᠮᠡᠨᠳᠦ ᠪᠠ ᠮᠡᠳᠡᠷᠡᠯ ᠤᠨ ᠡᠷᠡᠭᠦᠯ | ᠬᠠᠮᠠᠭᠠᠯᠠᠯ ᠢ ᠴᠢᠬᠤᠯᠠᠴᠢᠯᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ | ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ | ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠭᠦᠯᠦᠨ᠂ ᠬᠦᠨᠳᠦ ᠶᠡᠭᠡ ᠬᠢᠵᠢᠭ ᠢ ᠡᠷᠲᠡᠬᠡᠨ | ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠰᠢᠰᠲ᠋ᠧᠮ | ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ | ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠨ ᠲᠡᠯᠭᠡᠷᠡᠬᠦ ᠶᠢ ᠪᠦᠲᠦᠮᠵᠢᠲᠡᠶ ᠬᠤᠷᠢᠭᠯᠠᠨ᠎ᠠ᠃ ᠡᠷᠡᠭᠦᠯ | ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠤᠯᠤᠨ ᠡᠭᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ | ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠠᠷᠪᠠ᠂ ᠪᠤᠬᠢᠷᠳᠤᠯ ᠦᠭᠡᠢ | ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ | ᠣᠷᠣᠰᠢᠬᠤ ᠶᠢ ᠠᠬᠢᠭᠤᠯᠤᠨ᠎ᠠ ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠤ ᠣᠷᠣᠰᠢᠨ | ᠲᠣᠭᠲᠠᠨᠢᠵᠤ ᠬᠦᠭᠵᠢᠬᠦ ᠶᠢᠨ ᠦᠨᠳᠦᠰᠦᠨ ᠨᠥᠬᠦᠴᠡᠯ ᠮᠥᠨ᠃ ᠪᠠᠶᠢᠭᠠᠯᠢ ᠶᠢ ᠬᠦᠨᠳᠦᠳᠭᠡᠨ᠂ ᠪᠠᠶᠢᠭᠠᠯᠢ ᠲᠠᠢ | ᠵᠣᠬᠢᠴᠠᠵᠤ᠂ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠬᠥᠬᠡᠮᠳᠦᠭ ᠨᠤᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ | ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠲᠦᠯᠦᠪᠯᠡᠬᠦ ᠬᠡᠷᠡᠭᠲᠡᠢ᠃ | ᠪᠢᠳᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ ᠤᠰᠤ | ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ | ᠪᠣᠬᠢᠷᠲᠤᠯ ᠢ ᠵᠠᠰᠠᠬᠤ᠂ ᠠᠮᠢ ᠠᠬᠤᠶ ᠶᠢ ᠬᠠᠮᠠᠭᠠᠯᠠᠬᠤ᠂ ᠠᠭᠤᠷ ᠠᠮᠢᠰᠭᠤᠯ ᠤᠨ ᠬᠤᠪᠢᠷᠠᠯᠲᠠ ᠶᠢ | ᠠᠷᠭᠠᠴᠠᠭᠠᠬᠤ ᠶᠢ ᠨᠢᠭᠡᠳᠦᠯᠲᠡᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠭᠠᠬᠤ᠂ | ᠨᠣᠭᠤᠭᠠᠷᠠᠭᠤᠯᠤᠯᠲᠠ ᠶᠢ ᠥᠷᠭᠡᠳᠭᠡᠬᠦ᠂ ᠠᠵᠤ ᠠᠬᠤᠢ ᠶᠢ ᠨᠡᠮᠡᠭᠳᠡᠭᠦᠯᠬᠦ ᠶᠢ | ᠬᠠᠮᠵᠢᠯᠴᠠᠭᠤᠯᠤᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠰᠠᠨ᠂ ᠠᠷᠪᠢᠴᠢ ᠡᠷᠴᠢᠮᠯᠢᠭ᠂ | ᠪᠤᠬᠢᠷᠳᠤᠯ ᠦᠭᠡᠢ ᠳᠤᠤᠷ᠎ᠡ ᠨᠡᠭᠦᠷᠡᠰᠦᠲᠥ᠋ᠷᠥᠭᠴᠢᠳᠦ ᠬᠥᠭᠵᠢᠯᠲᠡ ᠶᠢ ᠠᠬᠢᠭᠤᠯᠬᠤ ᠬᠡᠷᠡᠭᠲᠡᠶ᠃ ︵ᠨᠢᠭᠡ︶ | ᠬᠦᠭᠵᠢᠯᠳᠡ ᠶᠢᠨ ᠬᠡᠯᠪᠡᠷᠢ ᠶᠢᠨ ᠪᠤᠬᠢᠷᠳᠤᠯ ᠦᠬᠡᠢ ᠲᠡᠶᠢᠰᠢ ᠬᠤᠪᠢᠷᠠᠬᠤ ᠶᠢ ᠲᠦᠷᠬᠡᠤᠨᠬᠡᠨ᠎ᠠ᠃ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠤᠬᠢᠷᠳᠤᠯ ᠦᠭᠡᠶᠢᠵᠢᠯᠳᠡ᠂ ᠪᠠᠭ᠎ᠠ ᠨᠡᠭᠦᠷᠡᠰᠦᠳᠦ᠋ᠷᠦᠭᠴᠢᠵᠢᠯᠲᠡ ᠶᠢ ᠠᠬᠢᠭᠤᠯᠬᠤ ᠪᠣᠯ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠭᠡᠨ ᠠᠬᠢᠭᠤᠯᠤᠨ᠎ᠠ᠃ | ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ | ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮ ᠢ | ᠲᠦᠷᠭᠡᠳᠭᠡᠨ ᠪᠠᠶᠢᠭᠤᠯᠤᠨ᠎ᠠ᠃ ᠪᠤᠬᠢᠷᠳᠤᠯ ᠦᠭᠡᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ | ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠪᠠ | ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠤᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠦ ᠠᠵᠤ ᠦᠢᠯᠡᠰ ᠢ ᠬᠥᠭᠵᠢᠭᠦᠯᠵᠦ᠂ ᠡᠬᠢ ᠪᠠᠶᠠᠯᠢᠭ ᠣᠷᠴᠢᠨ | ᠠᠬᠤᠢ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ | ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠪᠤᠬᠢᠷᠳᠤᠯ | ᠦᠭᠡᠢ ᠬᠡᠷᠡᠭᠯᠡᠭᠡ ᠶᠢ ᠰᠠᠨᠠᠭᠠᠴᠢᠯᠠᠵᠤ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠤᠨ ᠠᠷᠭ᠎ᠠ ᠮᠠᠶ᠋ᠢᠭ | ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨ᠎ᠠ᠃ ︵ᠬᠤᠶᠠᠷ︶ ᠣᠷᠴᠢᠨ ᠲᠣᠭᠤᠷᠢᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ | ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ | ᠴᠡᠯᠮᠡᠭ ᠠᠭᠠᠷ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ | ᠭᠦᠨᠵᠡᠭᠡᠶ ᠰᠠᠶᠢᠲᠤᠷ ᠬᠢᠨ᠎ᠠ᠃ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠵᠤ᠂ ᠬᠦᠨᠳᠦ | ᠪᠣᠬᠢᠷᠲᠤᠯᠳᠤ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠬᠦᠯᠵᠦ᠂ ᠴᠢᠬᠤᠯᠠ | ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ ᠠᠬᠢᠭᠤᠯᠵᠤ᠂ ᠬᠤᠲᠠ ᠶᠢᠨ ᠪᠣᠬᠢᠷ ᠦᠮᠡᠬᠡᠶ | ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠷᠥᠰᠥ ᠰᠢᠷᠤᠢ ᠶᠢᠨ ᠪᠣᠬᠢᠷᠲᠤᠯ ᠢ ᠡᠬᠢ ᠡᠬᠦᠰᠦᠯ ᠠᠴᠠ ᠨᠢ | ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠥᠷᠨᠢᠭᠦᠯᠦᠨ᠎ᠡ᠃ | ᠣᠷᠴᠢᠨ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠲᠠ | ᠬᠦᠳᠡᠭᠡ ᠶᠢᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠳᠤ | ᠦᠶ᠎ᠡ ᠶᠢᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠣᠷᠴᠢᠨ ᠠᠬᠤᠢ ᠶᠢᠨ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠲᠥᠪ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠎ᠠ᠃ | ︵ᠭᠤᠷᠪᠠ︶ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ | ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠷ | ᠭᠤᠣᠯᠳᠠᠯᠭ᠎ᠠ ᠪᠣᠯᠭᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ | ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ | ᠨᠤᠲᠤᠭ ᠳᠡᠪᠢᠰᠭᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ | ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠣᠶ | ᠰᠢᠭᠤᠢ ᠭᠤᠤᠯ ᠮᠥᠷᠡᠨ ᠨᠠᠭᠤᠷ ᠪᠦᠷᠢᠲᠦ ᠨᠤᠭᠤ ᠭᠠᠵᠠᠷ ᠢ ᠠᠮᠠᠷᠠᠭᠤᠯᠤᠨ ᠰᠡᠷᠭᠦᠭᠡᠭᠦ ᠶᠢ ᠬᠡᠷᠡᠭᠵᠢᠭᠦᠯᠵᠦ᠂ | ᠬᠦᠬᠡᠮᠦᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠰᠠᠶᠢᠲᠤᠷ ᠬᠡᠷᠡᠭᠵᠢᠭᠦᠯᠵᠦ᠂ | ᠲᠠᠷᠢᠶᠠᠨ ᠭᠠᠵᠠᠷ ᠢ ᠥᠨᠵᠢᠭᠦᠯᠦᠨ ᠳᠠᠷᠢᠬᠤ ᠡᠭᠡᠯᠵᠢᠯᠡᠨ ᠳᠠᠷᠢᠬᠤ ᠲᠦᠷᠢᠮ ᠢ ᠪᠦᠷᠢᠨᠰᠢᠭᠦᠯᠦᠨ᠎ᠡ᠃ ᠠᠮᠢ | ᠠᠬᠤᠢ ᠶᠢᠨ ᠪᠦᠲᠦᠭᠡᠭᠳᠡᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠢᠳᠤ | ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠠᠮᠢᠳᠤ | ᠪᠤᠳᠠᠰ ᠤᠨ ᠬᠠᠯᠳᠠᠯᠭ᠎ᠠ ᠶᠢ ᠰᠡᠷᠭᠡᠶᠢᠯᠡᠨ ᠵᠠᠰᠠᠨ᠎ᠠ᠃ ︵ᠳᠥᠷᠪᠡ︶ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠨᠢᠭᠡ ᠤᠳᠠᠭᠠᠨ ᠤ ᠥᠷᠭᠡᠨ ᠳᠡᠯᠭᠡᠷ ᠪᠥᠭᠡᠳ ᠭᠦᠨ ᠭᠦᠨᠵᠡᠭᠡᠶ | ᠠᠵᠤ ᠠᠬᠤᠶ ᠨᠡᠶᠢᠭᠡᠮ ᠤᠨ ᠰᠢᠰᠲ᠋ᠧᠮᠲᠦ ᠴᠢᠨᠠᠷᠲᠠᠶ ᠬᠤᠪᠢᠰᠤᠯᠲᠠ ᠮᠥᠨ᠃ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠡᠬᠢ | ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ᠂ ᠤᠷᠢᠳ ᠢᠶᠠᠷ ᠰᠢᠨ᠎ᠠ ᠪᠠᠷ ᠪᠠᠶᠢᠭᠤᠯᠵᠤ ᠳᠠᠷᠠᠭ᠎ᠠ ᠨᠢ | ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ | ᠬᠦᠷᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ | ᠪᠠ ᠬᠦᠴᠦᠯᠡᠴᠡ ᠶᠢᠨ ᠲᠣᠬᠢᠷᠠᠭᠤᠯᠤᠯ ᠡᠵᠡᠮᠳᠡᠯ ᠢ ᠲᠡᠭᠦᠯᠳᠡᠷᠵᠢᠭᠦᠯᠵᠦ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ | ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠣᠰ ᠬᠢᠵᠠᠭᠠᠷᠯᠠᠯ︾ ᠤᠨ ᠳᠦᠷᠢᠮ ᠳᠤ ᠠᠯᠬᠤᠮ | ᠠᠯᠬᠤᠮ ᠢᠶᠠᠷ ᠰᠢᠯᠵᠢᠨ᠎ᠠ᠃ ᠡᠨᠧᠷᠭᠢ ᠶᠢᠨ ᠰᠤᠷᠪᠤᠯᠵᠢ ᠶᠢ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠥᠨᠳᠥᠷ | ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶ᠎ᠠ ᠴᠠᠷᠠᠭᠠᠨ ᠤ | ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ | ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠨᠡᠭᠦᠷᠡᠰᠦᠨ ᠤ ᠠᠷᠢᠭᠤᠨ ᠴᠡᠪᠡᠷ ᠥᠨᠳᠥᠷ | ᠪᠦᠲᠦᠮᠵᠢᠲᠡᠢ ᠠᠰᠢᠭᠯᠠᠯᠲᠠ ᠶᠢ ᠴᠢᠩᠭᠠᠳᠬᠠᠵᠤ᠂ ᠲᠤᠰᠤ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ | ᠨᠥᠭᠡᠴᠡ ᠶᠢ ᠨᠡᠮᠡᠭᠳᠡᠭᠦᠯᠦᠨ ᠦᠢᠯᠡᠳᠪᠤᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ | ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠬᠡᠨ ᠢᠶᠠᠷ ᠲᠥᠯᠥᠪᠵᠢᠭᠦᠯᠦᠨ ᠪᠠᠶᠢᠭᠤᠯᠵᠤ᠂ ᠤᠰᠤᠨ ᠤ | ᠬᠦᠴᠦ ᠪᠠᠷ ᠴᠠᠬᠢᠯᠭᠠᠨ ᠭᠠᠷᠭᠠᠬᠤ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ | ᠨᠢᠭᠡᠳᠦᠯᠲᠡᠢ ᠲᠦᠯᠦᠪᠵᠢᠬᠦᠯᠵᠤ᠂ ᠴᠥᠮ᠎ᠡ ᠶᠢᠨ ᠴᠠᠬᠢᠯᠭᠠᠨ ᠢ ᠠᠮᠤᠷ ᠲᠦᠪᠰᠢᠨ ᠡᠮᠬᠢ ᠵᠢᠷᠤᠮ ᠲᠠᠢ ᠬᠥᠭᠵᠢᠭᠦᠯᠵᠦ᠂ | ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠡᠮᠵᠢᠶ᠎ᠠ ᠶᠢ ᠪᠦᠷᠢᠳᠭᠡᠵᠦ ᠲᠣᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷ ᠲᠤ ᠠᠷᠠᠯᠵᠢᠶᠠᠯᠠᠬᠤ ᠲᠦᠷᠢᠮ ᠢ ᠪᠦᠷᠢᠨᠰᠢᠭᠦᠯᠦᠨ᠎ᠡ᠃ | ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠪᠦᠬᠦ ᠪᠦᠮᠪᠦᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃ | ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ ᠤᠯᠤᠰ ᠤᠨ ᠠᠮᠤᠷ | ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ ᠨᠡᠶᠢᠭᠡᠮ ᠤᠨ ᠲᠣᠭᠲᠠᠭᠤᠨ | ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠡᠷᠬᠡᠪᠰᠢ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠤᠨ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ | ᠪᠢᠳᠡ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ᠂ ᠤᠯᠤᠰ ᠲᠥᠷᠥ ᠶᠢᠨ ᠠᠮᠤᠷ ᠲᠦᠪᠰᠢᠨ ᠢᠶᠠᠷ | ᠦᠨᠳᠦᠰᠦ ᠪᠣᠯᠭᠠᠬᠤ᠂ ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠬᠤ᠂ ᠴᠡᠷᠢᠭ ᠤᠨ ᠶᠠᠪᠤᠳᠠᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠬᠤ᠂ | ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ ᠶᠢ ᠪᠠᠷᠢᠮᠳᠠᠯᠠᠵᠦ᠂ ᠭᠠᠳᠠᠭᠠᠳᠤ ᠠᠮᠤᠷ ᠲᠦᠪᠰᠢᠨ | ᠪᠠ ᠳᠣᠲᠣᠭᠠᠳᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠬᠦᠯᠬᠦ᠂ ᠨᠤᠲᠤᠭ ᠳᠡᠪᠢᠰᠭᠡᠷ ᠤᠨ ᠠᠮᠤᠷ ᠲᠦᠪᠰᠢᠨ ᠪᠠ ᠤᠯᠤᠰ | ᠠᠷᠠᠳ ᠤᠨ ᠠᠮᠤᠷ ᠲᠦᠪᠰᠢᠨ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠂ ᠲᠤᠰ | ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠬᠦᠯᠵᠦ᠂ | ᠤᠯᠤᠰ ᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠦᠨ ᠬᠠᠮᠠᠭᠠᠯᠠᠬᠤ ᠪᠠ ᠪᠤᠢ ᠪᠣᠯᠭᠠᠵᠦ᠂ ᠤᠯᠤᠰ ᠤᠨ | ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ | ᠪᠦᠬᠦ ᠪᠦᠮᠪᠦᠷᠴᠡᠭ ᠤᠨ ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ | ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠦ᠂ ᠰᠢᠨ᠎ᠡ ᠠᠮᠤᠷ ᠲᠦᠪᠰᠢᠨ ᠤ | ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠎ᠠ᠃ ︵ᠨᠢᠭᠡ︶ ᠤᠯᠤᠰ ᠤᠨ ᠠᠮᠤᠷ | ᠲᠦᠪᠰᠢᠨ ᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ ᠡᠷᠬᠡ ᠰᠦᠷᠲᠦ ᠤᠯᠤᠰ ᠤᠨ | ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ | ᠪᠠᠶᠢᠯᠳᠤᠬᠤ ᠪᠤᠳᠤᠯᠭ᠎ᠠ ᠶᠢᠨ ᠰᠢᠰᠲ᠋ᠧᠮ᠂ ᠲᠥᠷᠥ ᠶᠢᠨ ᠪᠤᠳᠤᠯᠭ᠎ᠠ ᠶᠢᠨ ᠰᠢᠰᠲ᠋ᠧᠮ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ | ᠴᠠᠷᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠣᠯᠤᠨ ᠴᠢᠬᠤᠯᠠ ᠲᠤᠰᠬᠠᠢ ᠲᠦᠷᠦᠯ ᠤᠨ | ᠵᠣᠬᠢᠴᠠᠭᠤᠯᠤᠨ ᠵᠢᠯᠤᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ᠂ ᠴᠢᠬᠤᠯᠠ ᠶᠡᠭᠡ | ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠰᠦᠯᠵᠢᠶ᠎ᠡ᠂ ᠲᠤᠭ᠎ᠠ ᠪᠠᠷᠢᠮᠲᠠ᠂ ᠠᠮᠢᠳᠤ ᠪᠣᠳᠠᠰ᠂ ᠡᠬᠢ ᠪᠠᠶᠠᠯᠢᠭ᠂ | ᠴᠥᠮ᠎ᠡ᠂ ᠰᠠᠨᠰᠠᠷ᠂ ᠲᠠᠯᠠᠢ ᠲᠠᠩᠭᠢᠰ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠭᠠᠨ᠎ᠠ᠃ | ᠵᠠᠯᠬᠠᠭᠠᠬᠤ ᠶᠢ ᠡᠰᠡᠷᠭᠦᠴᠡᠬᠦ᠂ ᠭᠠᠷ ᠳᠥᠷᠥᠬᠦ ᠶᠢ ᠡᠰᠡᠷᠭᠦᠴᠡᠬᠦ᠂ ︽ᠭᠠᠷ ᠢᠶᠠᠨ ᠤᠷᠳᠤ ᠰᠤᠩᠭᠠᠬᠰᠠᠨ ᠬᠠᠷᠢᠶᠠᠯᠠᠯ︾ ᠢ | ᠡᠰᠡᠷᠭᠦᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠬᠦᠴᠦᠨ ᠤ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ | ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ | ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ | ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠶᠢᠨ | ᠡᠬᠢ ᠪᠠᠶᠠᠯᠢᠭ᠂ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ | ᠭᠠᠳᠠᠭᠠᠳᠤ ᠳᠠᠬᠢ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ | ᠠᠷᠠᠳ ᠢᠷᠭᠡᠨ᠂ ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠯᠠᠢ | ᠲᠠᠩᠭᠢᠰ ᠤᠨ ᠡᠷᠬᠡ ᠠᠰᠢᠭ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠠᠮᠤᠷ | ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠲᠠᠶᠢᠰᠦᠩᠨᠠᠭᠴᠢ ᠬᠦᠴᠦᠨ ᠤ ᠨᠡᠪᠴᠢᠯᠲᠡ ᠬᠢᠬᠦ᠂ | ᠡᠪᠳᠡᠯᠡᠭᠡ ᠬᠢᠬᠦ᠂ ᠨᠤᠷᠠᠭᠠᠯᠳᠠ ᠬᠢᠬᠦ᠂ ᠬᠠᠭᠠᠴᠠᠭᠤᠯᠬᠤ ᠠᠵᠢᠯᠯᠠᠭ᠎ᠠ ᠬᠢᠬᠦ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ | ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ | ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ | ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠮᠤᠷ | ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠤᠨ᠂ ᠤᠯᠠᠨ ᠨᠡᠶᠢᠲᠡ ᠶᠢᠨ ᠠᠮᠤᠷ | ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ | ᠵᠠᠭᠪᠤᠷ ᠤᠨ ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠠᠬᠢᠭᠤᠯᠵᠤ᠂ | ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠭᠦᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠ | ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ᠎ᠡ᠃ | ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ︵ᠳᠥᠷᠪᠡ︶ ᠨᠡᠶᠢᠭᠡᠮ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ | ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠨᠳᠦᠰᠦᠨ ᠱᠠᠲᠤᠨ ᠳᠤ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ | ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ | ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ ᠲᠤᠤᠷᠵᠢᠭᠤᠯᠤᠬᠰᠠᠨ ᠬᠠᠮᠢᠶᠠᠷᠤᠯᠲᠠ᠂ | ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ | ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ | ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠬᠤ ᠱᠠᠲᠤᠨ ᠳᠤᠨᠢ ᠠᠷᠢᠯᠭᠠᠨ᠎ᠠ᠃ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ | ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ | ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠬᠥᠮᠥᠨ ᠪᠦᠭᠦᠨ ᠬᠠᠷᠢᠭᠤᠴᠠᠯᠭ᠎ᠠ ᠲᠠᠢ᠂ | ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠭᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢ ᠪᠠᠶᠢᠭᠤᠯᠤᠨ᠎ᠠ᠃ ᠠᠷᠪᠠᠨ ᠬᠤᠶᠠᠷ᠂ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ | ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠨᠡᠭᠡᠭᠡᠨ᠎ᠡ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭ᠎ᠠ ᠳᠤ ᠪᠡᠶᠡᠯᠡᠭᠦᠯᠵᠦ᠂ ᠠᠷᠠᠳ ᠤᠨ ᠴᠡᠷᠢᠭ | ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠦᠲᠦᠭᠡᠨ ᠪᠠᠶᠢᠭᠤᠯᠬᠤ ᠶᠢ | ᠲᠦᠷᠭᠡᠳᠬᠡᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠴᠠᠭ | ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ | ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ | ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ | ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠮᠡᠴᠡᠯ ᠬᠢᠬᠦ ᠶᠢᠨ ᠳᠠᠭᠠᠤ ᠲᠠᠶᠢᠨ ᠳᠤ ᠪᠡᠯᠡᠳᠬᠡᠬᠦ ᠪᠠ ᠪᠦᠲᠦᠭᠡᠨ | ᠪᠠᠶᠢᠭᠤᠯᠤᠯᠲᠠ ᠬᠢᠬᠦ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ ᠵᠠᠩᠭᠢᠵᠢᠯᠲᠠ ᠣᠶᠤᠨᠴᠢᠯᠠᠯᠲᠠ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ᠂ | ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ | ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠬᠡᠵᠦ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ | ᠪᠣᠳᠣᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ | ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠭᠦᠢᠴᠡᠳᠬᠡᠬᠦ ᠬᠡᠷᠡᠭᠲᠡᠢ᠃ ᠠᠷᠠᠳ ᠤᠨ | ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠡᠪᠰᠡᠭ ᠥᠨᠢ ᠡᠭᠦᠷᠢᠳᠡ | ᠨᠠᠮ ᠤᠨ ᠵᠢᠯᠣᠭᠤᠳᠤᠯᠭ᠎ᠠ ᠶᠢ ᠳᠠᠭᠠᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ | ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ︽ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠪᠠᠶᠢᠭᠤᠯᠬᠤ︾ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠴᠡᠷᠢᠭ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠴᠢᠩᠭᠠᠳᠬᠠᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ | ᠲᠠᠶᠢᠴᠢᠨ ᠵᠣᠷᠢᠭ ᠰᠠᠨᠠᠭ᠎ᠠ ᠶᠢ ᠪᠣᠶᠢᠵᠢᠭᠤᠯᠬᠤ ᠶᠢ ᠴᠢᠩᠭᠠᠳᠬᠠᠨ᠎ᠠ᠃ ᠠᠷᠠᠳ ᠤᠨ ᠴᠡᠷᠢᠭ ᠠᠩᠭᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠴᠡᠷᠢᠭ | ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ | ᠴᠡᠷᠢᠭ ᠠᠩᠭᠢ ᠶᠢᠨ ᠢᠯᠠᠯᠲᠠ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠭᠰᠠᠨ ᠣᠶᠤᠨᠴᠢᠯᠠᠭᠰᠠᠨ | ᠲᠠᠶᠢᠨ ᠤ ᠣᠨᠴᠠᠯᠢᠭ ᠪᠠ ᠵᠢᠮ᠎ᠡ ᠶᠣᠰᠣ ᠶᠢ ᠰᠤᠳᠤᠯᠤᠨ ᠡᠵᠡᠮᠰᠢᠵᠦ᠂ ᠴᠡᠷᠢᠭ ᠤᠨ ᠶᠠᠪᠤᠳᠠᠯ ᠤᠨ ᠪᠠᠶᠢᠯᠳᠤᠬᠤ | ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ ᠳᠠᠶᠢᠨ ᠤ ᠪᠠᠶᠢᠯᠳᠤᠬᠤ | ᠪᠣᠳᠣᠯᠭ᠎ᠠ ᠪᠠᠶᠢᠯᠳᠤᠬᠤ ᠠᠷᠭ᠎ᠠ ᠶᠢ ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠬᠦᠴᠦᠷᠬᠡᠭ ᠶᠡᠭᠡ | ᠰᠦᠷᠳᠡᠭᠦᠯᠭᠡ ᠶᠢᠨ ᠬᠦᠴᠦᠨ ᠤ ᠰᠢᠰᠲ᠋ᠧᠮ ᠢ ᠪᠤᠢ ᠪᠤᠯᠭᠠᠵᠦ᠂ ᠰᠢᠨ᠎ᠡ ᠬᠦᠷᠢᠶ᠎ᠡ ᠰᠢᠨ᠎ᠡ | ᠣᠨᠴᠠᠯᠢᠭ ᠴᠢᠨᠠᠷ ᠤᠨ ᠪᠠᠶᠢᠯᠳᠤᠬᠤ ᠬᠦᠴᠦᠨ ᠤ ᠬᠠᠷᠢᠴᠠᠯ ᠢ ᠨᠡᠮᠡᠭᠳᠡᠭᠦᠯᠵᠦ᠂ ᠬᠥᠮᠥᠨ ᠦᠭᠡᠢ ᠣᠶᠤᠨᠴᠢ | ᠪᠠᠶᠢᠯᠳᠤᠬᠤ ᠬᠦᠴᠦᠨ ᠤ ᠬᠥᠭᠵᠢᠯᠲᠡ ᠶᠢ ᠲᠦᠷᠭᠡᠳᠬᠡᠵᠦ᠂ ᠰᠦᠯᠵᠢᠶᠡᠨ ᠤ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠬᠠᠮᠲᠤᠷᠠᠭᠰᠠᠨ | ᠪᠠᠶᠢᠯᠳᠤᠭᠠᠨ ᠤ ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠲᠠᠩᠨᠠᠨ ᠪᠠᠶᠢᠴᠠᠭᠠᠵᠤ | ᠤᠷᠢᠳᠴᠢᠯᠠᠨ ᠰᠡᠷᠡᠮᠵᠢᠯᠡᠭᠦᠯᠭᠦ᠂ ᠬᠠᠮᠲᠤᠷᠠᠨ ᠴᠣᠬᠢᠯᠲᠠ ᠥ ᠭᠭᠦ᠂ ᠪᠠᠶᠢᠯᠳᠤᠭᠠᠨ ᠤ ᠲᠠᠯᠠᠪᠤᠷ ᠤᠨ ᠲᠤᠯᠭᠠᠭᠤᠷᠢᠯᠠᠯ᠂ | ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠲᠤ ᠲᠠᠶᠢᠨ ᠤ | ᠮᠠᠶ᠋ᠢᠭ ᠤᠨ ᠴᠡᠷᠢᠭ ᠤᠨ ᠪᠣᠯᠪᠠᠰᠤᠷᠠᠯ ᠢ ᠭᠦᠨᠵᠡᠭᠡᠢ ᠠᠬᠢᠭᠤᠯᠵᠤ᠂ ᠬᠠᠮᠲᠤᠷᠠᠭᠰᠠᠨ ᠪᠣᠯᠪᠠᠰᠤᠷᠠᠯ᠂ | ᠡᠰᠡᠷᠭᠦᠴᠡᠯᠳᠦᠬᠦ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠡᠷᠢᠭ ᠤᠨ | ᠪᠣᠯᠪᠠᠰᠤᠷᠠᠯ ᠢ ᠭᠦᠨᠵᠡᠭᠡᠶᠢᠷᠡᠭᠦᠯᠦᠨ᠎ᠡ᠃ ᠴᠡᠷᠢᠭ ᠤᠨ ᠬᠦᠴᠦᠨ ᠤ ᠪᠠᠶᠢᠩᠭᠤᠵᠢᠭᠤᠯᠤᠭᠰᠠᠨ ᠤᠯᠠᠨ | ᠶᠠᠩᠵᠤᠴᠢᠯᠠᠭᠰᠠᠨ ᠬᠡᠷᠡᠭᠯᠡᠯᠲᠡ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ | ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ᠂ ᠠᠮᠤᠷ ᠲᠦᠪᠰᠢᠨ ᠪᠠᠶᠢᠳᠠᠯ ᠢ ᠪᠤᠢ ᠪᠤᠯᠭᠠᠵᠤ᠂ ᠲᠦᠭᠰᠢᠭᠦᠷᠢ | ᠮᠥᠷᠭᠦᠯᠳᠦᠭᠡᠨ ᠢ ᠬᠤᠷᠢᠭᠯᠠᠨ ᠡᠵᠡᠮᠳᠡᠵᠦ᠂ ᠬᠡᠰᠡᠭ ᠲᠠᠯ᠎ᠠ ᠶᠢᠨ ᠲᠠᠶᠢᠨ ᠳᠤ ᠢᠯᠠᠯᠲᠠ ᠣᠯᠣᠨ᠎ᠠ᠃ | ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ | ᠬᠦᠴᠦᠨ ᠤ ᠪᠦᠲᠦᠴᠡ ᠪᠦᠷᠢᠯᠳᠦᠯ ᠢ ᠲᠡᠭᠦᠯᠳᠡᠷᠵᠢᠭᠦᠯᠵᠦ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ | ᠳᠦᠷᠢᠮ ᠲᠣᠭᠲᠠᠭᠠᠯ ᠢ ᠰᠢᠰᠲ᠋ᠧᠮᠵᠢᠭᠦᠯᠦᠨ ᠰᠢᠯᠢᠳᠡᠭᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠶᠢᠨ ᠪᠠᠶᠢᠯᠳᠤᠭᠠᠨ ᠬᠢᠬᠦ ᠪᠦᠲᠦᠭᠡᠨ | ᠪᠠᠶᠢᠭᠤᠯᠤᠯᠲᠠ ᠬᠢᠬᠦ ᠪᠠ ᠲᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ | ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠲᠦᠷᠭᠡᠨ ᠢᠶᠠᠷ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ ᠲᠣᠨᠣᠭᠯᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠠᠶᠢᠴᠢᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ᠴᠡᠷᠢᠭ ᠤᠨ ᠶᠡᠭᠡ | ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠡᠷᠢᠭ ᠤᠨ ᠶᠠᠪᠤᠳᠠᠯ ᠤᠨ | ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠴᠡᠷᠢᠭ ᠤᠨ | ᠶᠠᠪᠤᠳᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠦᠨ᠎ᠡ᠃ | ᠬᠠᠤᠯᠢ ᠪᠠᠷ ᠴᠡᠷᠢᠭ ᠢ ᠵᠠᠰᠠᠬᠤ ᠲᠣᠭᠲᠠᠴᠠ ᠶᠢᠨ ᠪᠠᠶᠢᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ | ᠶᠠᠪᠤᠳᠠᠯ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ | ᠬᠠᠮᠢᠶᠠᠷᠤᠯᠲᠠ ᠶᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ | ᠦᠢᠯᠡᠳᠦᠯ ᠴᠢᠳᠠᠪᠤᠷᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠴᠡᠷᠢᠭ ᠠᠩᠭᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠬᠦ᠂ | ᠲᠦᠷᠦ ᠶᠢᠨ ᠪᠣᠳᠣᠯᠭ᠎ᠠ ᠳᠦᠷᠢᠮ ᠢ ᠵᠣᠯᠭᠠᠭᠤᠯᠬᠤ᠂ ᠡᠬᠢ ᠪᠠᠶᠠᠯᠢᠭ ᠤᠨ ᠡᠯᠧᠮᠧᠨ᠋ᠲ ᠢ ᠬᠠᠮᠲᠤ ᠪᠠᠷ ᠡᠳ᠋ᠯᠡᠭᠦ ᠶᠢ ᠴᠢᠩᠭᠠᠳᠬᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ | ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ | ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠬᠥᠮᠥᠨ | ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠤᠨ ᠤᠷᠮᠠᠰᠢᠭᠤᠯᠤᠯ ᠪᠠ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ | ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠦᠨ᠎ᠡ᠃ ᠠᠷᠠᠳ ᠤᠨ ᠴᠡᠷᠢᠭ | ᠠᠩᠭᠢ ᠪᠣᠯ ᠢᠮᠠᠭᠲᠠ ᠨᠠᠮ ᠪᠠ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ ᠪᠠᠭᠠᠲᠤᠷᠯᠢᠭ ᠴᠡᠷᠢᠭ ᠠᠩᠭᠢ ᠮᠥᠨ᠂ | ᠲᠡᠲᠡᠨ ᠳᠤ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ ᠬᠠᠩᠭᠠᠬᠤ | ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ | ᠬᠤᠪᠢ ᠨᠡᠮᠡᠷᠢ ᠦᠵᠡᠭᠦᠯᠭᠦ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ︕ ᠠᠷᠪᠠᠨ ᠭᠤᠷᠪᠠ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠡ ᠤᠯᠤᠰ ᠤᠨ | ᠨᠢᠭᠡᠳᠦᠯ ᠢ ᠠᠬᠢᠭᠤᠯᠤᠨ᠎ᠠ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ | ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ ᠤ ᠳᠠᠷᠠᠭ᠎ᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ | ᠲᠣᠭᠲᠠᠭᠤᠨ ᠪᠠᠶᠢᠬᠤ ᠶᠢ ᠪᠠᠲᠤᠯᠠᠬᠤ ᠬᠠᠮᠤᠭ ᠤᠨ ᠰᠠᠶᠢᠨ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠡᠭᠦᠨ ᠢ ᠡᠷᠬᠡᠪᠰᠢ ᠤᠷᠳᠤ | ᠬᠤᠭᠤᠴᠠᠭ᠎ᠠ ᠪᠠᠷᠢᠮᠲᠠᠯᠠᠬᠤ ᠬᠡᠷᠡᠭᠲᠡᠢ᠃ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ | ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ | ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ | ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ | ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ | ᠵᠢᠷᠤᠮ ᠢ ᠬᠠᠮᠠᠭᠠᠯᠠᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ | ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ | ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠳᠦᠷᠢᠮ ᠪᠠ | ᠬᠡᠷᠡᠭᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠪᠦᠭᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠶᠢ ᠪᠠᠷᠢᠮᠲᠠᠯᠠᠬᠤ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ | ᠡᠷᠬᠡ ᠶᠢ ᠪᠠᠲᠤᠯᠠᠬᠤ ᠶᠢ ᠬᠠᠷᠢᠯᠴᠠᠨ ᠨᠢᠭᠡᠳᠬᠡᠵᠦ᠂ ᠵᠠᠰᠠᠭ ᠵᠠᠬᠢᠷᠭᠠᠨ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ | ᠵᠠᠰᠠᠭ ᠵᠠᠬᠢᠷᠭᠠᠨ ᠤ ᠳᠠᠷᠤᠭ᠎ᠠ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠡᠮᠵᠢᠵᠤ᠂ ᠪᠦᠭᠦ ᠲᠠᠯ᠎ᠠ ᠪᠠᠷ ᠵᠠᠰᠠᠬᠤ ᠴᠢᠳᠠᠪᠤᠷᠢ ᠪᠠ ᠬᠠᠮᠢᠶᠠᠷᠤᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠵᠠᠰᠠᠭ | ᠵᠠᠬᠢᠷᠭᠠᠨ ᠤ ᠣᠨᠴᠠᠭᠠᠶ ᠣᠷᠣᠨ ᠤ ᠬᠠᠤᠯᠢ ᠴᠠᠭᠠᠵᠠ ᠶᠢᠨ ᠳᠦᠷᠢᠮ ᠪᠠ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩᠭᠠᠩ᠂ | ᠣᠣᠮᠧᠨ ᠤ ᠬᠥᠷᠥᠩᠭᠡᠲᠦ ᠶᠣᠰᠣᠨ ᠤ ᠪᠠᠶᠢᠭᠤᠯᠤᠯ ᠪᠠ ᠠᠮᠢᠳᠤᠷᠠᠯ ᠤᠨ ᠠᠷᠭ᠎ᠠ ᠮᠠᠶ᠋ᠢᠭ ᠢ ᠤᠷᠳᠤ ᠬᠤᠭᠤᠴᠠᠭ᠎ᠠ ᠪᠠᠷ ᠬᠤᠪᠢᠷᠠᠭᠤᠯᠬᠤ | ᠦᠭᠡᠢ ᠪᠠᠶᠢᠬᠤ ᠶᠢ ᠪᠠᠲᠤᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ | ᠪᠠᠶᠢᠳᠠᠯ ᠢ ᠠᠬᠢᠭᠤᠯᠤᠨ᠎ᠠ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ | ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠲᠠᠮᠵᠢᠨ᠎ᠠ᠃ ᠰᠢᠶᠠᠩᠭᠠᠩ᠂ | ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠵᠤ᠂ ᠰᠢᠶᠠᠩᠭᠠᠩ᠂ ᠣᠣᠮᠧᠨ ᠤ ᠤᠯᠠᠨ ᠤᠯᠤᠰ ᠤᠨ | ᠮᠥᠩᠭᠦᠨ ᠭᠦᠢᠯᠭᠡᠭᠡᠨ᠂ ᠠᠷᠠᠯᠵᠢᠶ᠎ᠠ᠂ ᠤᠰᠤᠨ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ᠂ ᠰᠢᠨ᠎ᠡ ᠶᠢ ᠡᠭᠦᠳᠭᠦ | ᠰᠢᠨᠵᠢᠯᠡᠬᠦ ᠤᠬᠠᠭᠠᠨ ᠲ ᠸᠭᠨᠢᠭ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠠᠶᠢᠷᠢ | ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠩᠭᠠᠩ᠂ ᠣᠣᠮᠧᠨ ᠤ ᠡᠯ᠎ᠡ ᠤᠯᠤᠰ ᠡᠯ᠎ᠡ ᠭᠠᠵᠠᠷ | ᠣᠷᠣᠨ ᠯᠤᠭ᠎ᠠ ᠶᠢᠨ ᠨᠡᠩ ᠨᠡᠭᠡᠭᠡᠯᠲᠡᠲᠡᠢ᠂ ᠨᠡᠩ ᠨᠢᠭᠲᠠ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠩᠭᠠᠩ᠂ | ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠠᠮᠵᠢᠨ᠎ᠠ᠃ | ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ | ᠰᠢᠶᠠᠩᠭᠠᠩ ᠣᠣᠮᠧᠨ ᠤ ᠠᠬ᠎ᠠ ᠳᠡᠭᠦᠦ ᠨᠠᠷ ᠤᠨ ᠡᠬᠡ ᠣᠷᠣᠨᠴᠢ ᠵᠣᠷᠢᠭ ᠰᠠᠨᠠᠭ᠎ᠠ ᠶᠢ ᠴᠢᠩᠭᠠᠳᠬᠠᠨ᠂ ᠤᠯᠤᠰ ᠤᠨ ᠳᠣᠲᠣᠭᠠᠳᠤ | ᠭᠠᠳᠠᠭᠠᠳᠤ ᠶᠢᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠳᠡᠮᠵᠢᠭᠦ | ᠨᠡᠩ ᠥᠷᠭᠡᠨ ᠳᠡᠯᠭᠡᠷ ᠨᠢᠭᠡᠳᠦᠮᠡᠯ ᠹᠷᠣᠨᠲ ᠢ ᠪᠤᠢ ᠪᠣᠯᠭᠠᠨ᠎ᠠ᠃ ᠳᠤᠮᠳᠠᠳᠤ ᠤᠯᠤᠰ ᠢ ᠡᠰᠡᠷᠭᠦᠴᠡᠬᠦ ᠰᠢᠶᠠᠩᠭᠠᠩ ᠣᠣᠮᠧᠨ ᠢ | ᠰᠠᠮᠠᠭᠤᠷᠠᠭᠤᠯᠬᠤ ᠬᠦᠴᠦᠨ ᠳᠤ ᠡᠷᠡᠰ ᠴᠣᠬᠢᠯᠲᠠ ᠥᠭᠴᠦ᠂ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ | ᠬᠦᠴᠦᠨ ᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ | ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠨᠠᠮ ᠤᠨ ᠰᠢᠨᠲᠠᠷᠠᠰᠢ ᠦᠭᠡᠢ ᠴᠢᠷᠮᠠᠶᠢᠨ ᠲᠡᠮᠡᠴᠡᠬᠦ ᠲᠡᠦᠬᠡᠲᠦ ᠡᠭᠦᠷᠭᠡ ᠮᠥᠨ᠂ | ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠴᠠᠭ | ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ | ᠲᠤᠭᠤᠰᠢᠯᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠵᠦ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ | ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠨᠢᠭᠡᠳᠦᠯ ᠢ ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠭᠡᠯᠪᠡᠷᠢ ᠮᠥᠨ᠂ | ᠡᠨᠡ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠠ ᠳᠤᠮᠳᠠᠳᠤ ᠶᠢᠨ ᠦᠨᠳᠦᠰᠦᠲᠡᠨ ᠳᠤ ᠬᠠᠮᠤᠭ ᠠᠴᠠ | ᠠᠰᠢᠭᠲᠠᠢ ᠶᠤᠮ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ | ᠶᠢ ᠪᠠᠷᠢᠮᠲᠠᠯᠠᠵᠤ᠂ ᠡᠨᠡ ᠬᠦ ᠰᠠᠭᠤᠷᠢᠨ ᠳᠡᠭᠡᠷ᠎ᠡ ᠪᠠᠨ ᠲᠠᠶᠢᠸᠠᠨ ᠤ ᠡᠯ᠎ᠡ ᠨᠠᠮ ᠪᠦᠯᠦᠭ᠂ ᠡᠯ᠎ᠡ ᠡᠲᠡᠭᠡᠳ ᠢᠯᠭᠠᠯ᠂ ᠡᠯ᠎ᠡ | ᠳᠠᠪᠬᠤᠷᠭ᠎ᠠ ᠶᠢᠨ ᠬᠥᠮᠥᠰ ᠲᠠᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ | ᠪᠣᠯᠣᠨ ᠤᠯᠤᠰ ᠣᠷᠣᠨ ᠤ ᠨᠢᠭᠡᠳᠦᠯ ᠤᠨ ᠲᠤᠬᠠᠢ ᠥᠷᠭᠡᠨ ᠳᠡᠯᠭᠡᠷ ᠭᠦᠨ ᠭᠦᠨᠵᠡᠭᠡᠢ ᠵᠥᠪᠳᠡᠯᠴᠡᠭᠡ ᠬᠢᠬᠦ ᠶᠢ ᠠᠬᠢᠭᠤᠯᠵᠤ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠬᠠᠮᠲᠤ ᠪᠠᠷ ᠠᠬᠢᠭᠤᠯᠵᠤ᠂ ᠡᠬᠡ | ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠪᠢᠳᠡ ᠲᠠᠶᠢᠸᠠᠨ ᠤ ᠥᠷᠭᠡᠨ | ᠤᠯᠠᠨ ᠠᠬ᠎ᠠ ᠳᠡᠭᠦᠦ ᠨᠠᠷ ᠲᠠᠢ ᠪᠦᠯᠬᠦᠮᠳᠡᠬᠦ ᠶᠢ ᠪᠠᠷᠢᠮᠲᠠᠯᠠᠵᠤ᠂ ᠲᠠᠶᠢᠸᠠᠨ ᠠᠷᠠᠯ ᠤᠨ ᠳᠣᠲᠣᠷᠠᠬᠢ ᠡᠬᠡ ᠣᠷᠣᠨᠴᠢ | ᠨᠢᠭᠡᠳᠦᠮᠡᠯ ᠬᠦᠴᠦᠨ ᠢ ᠡᠷᠡᠰ ᠲᠡᠮᠵᠢᠵᠤ᠂ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ | ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ︽ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠎ᠠ᠃ ᠠᠭᠤᠤ ᠶᠡᠭᠡ ᠡᠬᠡ ᠤᠯᠤᠰ ᠪᠣᠯ ᠤᠯᠤᠰ ᠢᠶᠠᠨ | ᠬᠠᠶᠢᠷᠠᠯᠠᠬᠤ ᠪᠤᠢ ᠪᠦᠬᠦᠢ ᠨᠢᠭᠡᠳᠦᠮᠡᠯ ᠬᠦᠴᠦᠨ ᠤ ᠥᠨᠢ ᠡᠭᠦᠷᠢᠳᠡ ᠶᠢᠨ ᠪᠠᠲᠤ ᠴᠢᠩᠭ᠎ᠠ ᠲᠦᠰᠢᠭ ᠮᠥᠨ︕ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠤᠳᠤᠮ ᠤᠭᠰᠠᠭ᠎ᠠ ᠨᠢᠭᠡᠲᠡᠢ᠂ ᠴᠢᠰᠤ | ᠮᠢᠬᠠᠨ ᠤ ᠪᠠᠷᠢᠯᠳᠤᠯᠭ᠎ᠠ ᠲᠠᠢ ᠨᠢᠭᠡ ᠭᠡᠷ ᠤᠨ ᠬᠥᠮᠥᠨ ᠮᠥᠨ᠃ ᠪᠢᠳᠡ ᠢᠮᠠᠭᠲᠠ ᠲᠠᠶᠢᠸᠠᠨ ᠤ ᠠᠬ᠎ᠠ ᠳᠡᠭᠦᠦ | ᠨᠠᠷ ᠢ ᠭᠦᠨᠳᠦᠳᠭᠡᠵᠦ᠂ ᠬᠠᠶᠢᠷᠠᠯᠠᠨ ᠬᠠᠯᠠᠮᠵᠢᠯᠠᠵᠤ᠂ ᠲᠠᠲᠠᠨ ᠳᠤ ᠠᠵᠠ ᠵᠢᠷᠭᠠᠯ ᠡᠳ᠋ᠯᠡᠭᠦᠯᠵᠦ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠬᠤ ᠪᠠᠷ ᠦᠷᠭᠦᠯᠵᠢᠯᠡᠨ ᠴᠢᠷᠮᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ | ᠬᠦᠷᠢᠶᠡᠨ ᠤ ᠠᠭᠤᠰᠤᠯᠴᠠᠨ ᠭᠦᠭᠵᠢᠭᠦ ᠶᠢ ᠭᠦᠨᠵᠡᠭᠡᠶᠢᠷᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ | ᠳᠦᠷᠢᠮ ᠪᠠ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠤ | ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠠᠨᠠᠭ᠎ᠠ ᠲᠠᠭᠠᠷᠠᠵᠤ ᠰᠡᠳᠬᠢᠯ ᠨᠡᠶᠢᠯᠡᠭᠦ ᠶᠢ ᠠᠬᠢᠭᠤᠯᠤᠨ᠎ᠠ᠃ | ᠲᠠᠶᠢᠸᠠᠨ ᠪᠣᠯ ᠳᠤᠮᠳᠠᠳᠤ ᠤᠯᠤᠰ ᠤᠨ ᠲᠠᠶᠢᠸᠠᠨ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤ | ᠤᠯᠤᠰ ᠤᠨ ᠬᠥᠮᠥᠨ ᠤ ᠥᠪᠡᠷ ᠤᠨ ᠤᠴᠢᠷ ᠮᠥᠨ᠂ ᠡᠭᠦᠨ ᠢ ᠳᠤᠮᠳᠠᠳᠤ ᠤᠯᠤᠰ ᠤᠨ ᠬᠥᠮᠥᠨ ᠲᠣᠭᠲᠠᠭᠠᠬᠤ ᠬᠡᠷᠡᠭᠲᠡᠢ᠃ | ᠪᠢᠳᠡ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ | ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠵᠡᠪᠰᠡᠭᠲᠦ ᠬᠦᠴᠦᠨ ᠬᠡᠷᠡᠭᠯᠡᠬᠦ ᠶᠢ | ᠲᠠᠶᠠᠭᠳᠠᠨ᠎ᠠ ᠭᠡᠵᠦ ᠶᠠᠭᠠᠬᠢᠭᠰᠠᠨ ᠴᠸ ᠠᠮᠠᠯᠠᠬᠤ ᠦᠭᠡᠢ᠂ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠣᠩᠭᠤᠯᠲᠠ ᠪᠠᠨ | ᠦᠯᠡᠳᠡᠭᠡᠨ᠎ᠡ᠂ ᠡᠨᠡ ᠨᠢ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ᠲᠤᠶᠢᠯ ᠤᠨ ᠴᠥᠭᠡᠨ ᠲᠣᠭᠠᠨ ᠤ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠵᠢᠴᠢ ᠲᠡᠳᠡᠨ ᠤ ᠬᠠᠭᠠᠴᠠᠭᠤᠯᠬᠤ ᠠᠵᠢᠯᠯᠠᠭ᠎ᠠ ᠳᠤ | ᠴᠢᠭᠯᠡᠭᠦᠯᠵᠦ ᠪᠠᠶᠢᠭ᠎ᠠ ᠶᠤᠮ᠂ ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠲᠤ ᠴᠢᠭᠯᠡᠭᠦᠯᠵᠦ | ᠪᠠᠶᠢᠭ᠎ᠠ ᠶᠠᠪᠤᠳᠠᠯ ᠤᠬᠳᠤ ᠪᠢᠰᠢ᠃ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠲᠡᠦᠬᠡ ᠶᠢᠨ ᠬᠦᠷᠳᠦ ᠦᠷᠭᠦᠯᠵᠢᠯᠠᠨ ᠤᠷᠤᠭᠰᠢᠯᠠᠵᠤ ᠪᠠᠶᠢᠨ᠎ᠠ᠂ ᠡᠬᠡ ᠤᠯᠤᠰ ᠤᠨ ᠪᠦᠷᠢᠨ ᠨᠢᠭᠡᠳᠦᠯ ᠢ ᠵᠠᠪᠠᠯ ᠪᠡᠶᠡᠯᠡᠭᠦᠯᠬᠦ | ᠪᠥᠭᠡᠳ ᠯᠠᠪᠲᠠᠢ ᠪᠡᠶᠡᠯᠡᠭᠦᠯᠵᠦ ᠴᠢᠳᠠᠬᠤ ᠶᠤᠮ︕ ᠠᠷᠪᠠᠨ ᠳᠥᠷᠪᠡ᠂ ᠳᠡᠯᠡᠬᠡᠢ ᠶᠢᠨ ᠡᠩᠬᠡ ᠲᠠᠶᠢᠪᠤᠩ | ᠬᠢᠭᠡᠳ ᠬᠥᠭᠵᠢᠯᠲᠡ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠤᠨ᠎ᠠ ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ | ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ | ᠶᠠᠪᠤᠭᠳᠠᠵᠤ ᠪᠠᠶᠢᠨ᠎ᠠ᠃ ᠨᠢᠭᠡ ᠲᠠᠯ᠎ᠠ ᠪᠠᠷ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠨ ᠠᠵᠢᠯᠯᠠᠬᠤ᠂ | ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ ᠪᠠᠶᠢᠵᠤ᠂ ᠬᠥᠮᠥᠰ ᠤᠨ | ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠨᠢ ᠬᠥᠮᠥᠨ ᠲᠥᠷᠥᠯᠬᠢᠲᠡᠨ ᠤ ᠢᠷᠡᠭᠡᠳᠦᠢ | ᠡᠴᠦᠰ ᠲᠡᠭᠡᠨ ᠭᠡᠭᠡᠨ ᠰᠠᠷᠠᠭᠤᠯ ᠪᠤᠯᠬᠤ ᠶᠢ ᠲᠣᠭᠲᠠᠭᠠᠪᠠ᠃ ᠨᠦᠭᠦᠭᠡ ᠲᠠᠯ᠎ᠠ ᠪᠠᠷ᠂ | ᠬᠦᠴᠦᠷᠬᠡᠭ ᠲᠡᠭᠡᠨ ᠡᠷᠳᠦᠨ ᠪᠠᠭᠤᠷᠠᠢ ᠶᠢ ᠳᠠᠷᠤᠯᠠᠬᠤ᠂ ᠮᠡᠭᠡ ᠪᠠᠷ ᠮᠥᠯᠵᠢᠵᠦ ᠬᠦᠴᠦ ᠪᠠᠷ ᠪᠤᠯᠢᠶᠠᠬᠤ᠂ | ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠵᠡᠷᠭᠡ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ | ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠣᠯᠵᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ | ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠬᠦᠨᠳᠦᠷᠡᠵᠦ᠂ | ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠳᠤ ᠲᠤᠯᠭᠠᠷᠠᠵᠤ ᠪᠠᠶᠢᠨ᠎ᠠ᠃ | ᠳᠡᠯᠡᠬᠡᠢ ᠶᠢᠷᠲᠢᠨᠴᠦ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠤ ᠵᠣᠭᠰᠣᠯ᠎ᠠ᠂ ᠬᠠᠮᠢᠭᠠᠰᠢ ᠪᠠᠨ | ᠶᠠᠪᠤᠬᠤ ᠨᠢ ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠲᠣᠭᠲᠠᠭᠠᠭᠳᠠᠨ᠎ᠠ᠃ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ | ᠠᠬᠢᠭᠤᠯᠬᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ | ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠤᠴᠢᠷ ᠶᠠᠪᠤᠳᠠᠯ ᠤᠨ ᠲᠤᠰ ᠪᠡᠶ᠎ᠡ ᠶᠢᠨ ᠵᠥᠪ | ᠪᠤᠷᠤᠭᠤ ᠶᠢ ᠦᠨᠳᠦᠰᠦᠯᠡᠨ ᠥᠪᠡᠷ ᠤᠨ ᠵᠣᠭᠰᠣᠯᠲᠠ ᠪᠠ ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ | ᠤᠯᠤᠰ ᠤᠨ ᠬᠤᠭᠤᠷᠤᠨᠳᠤᠭᠢ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠤᠯᠠᠨ ᠤᠯᠤᠰ ᠤᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠳᠤᠮᠳᠠᠳᠤ ᠤᠯᠤᠰ ᠡᠯ᠎ᠡ ᠤᠯᠤᠰ ᠤᠨ ᠡᠷᠬᠡ ᠮᠡᠳᠡᠯ ᠪᠠ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠤᠰ ᠶᠡᠭᠡ ᠪᠠᠭ᠎ᠠ᠂ ᠬᠦᠴᠦᠷᠬᠡᠭ ᠪᠠᠭᠤᠷᠠᠢ᠂ | ᠪᠠᠶᠠᠨ ᠶᠠᠳᠠᠭᠤ ᠶᠢᠨ ᠢᠯᠭᠠᠯ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠠᠷᠠᠳ ᠲᠦᠮᠡᠨ ᠤ | ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ | ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠦᠢᠲᠡᠨ ᠲᠠᠶᠢᠨ ᠤ | ᠰᠡᠳᠬᠢᠬᠦᠢ ᠶᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠵᠦ᠂ | ᠬᠤᠶᠠᠷᠳᠠᠮᠠᠯ ᠪᠠᠷᠢᠮᠵᠢᠶ᠎ᠠ ᠲᠣᠭᠲᠠᠭᠠᠬᠤ ᠶᠢ ᠡᠰᠡᠷᠭᠦᠴᠡᠨ᠎ᠡ᠃ ᠳᠤᠮᠳᠠᠳᠤ ᠤᠯᠤᠰ ᠬᠤᠷᠢᠭᠯᠠᠯᠲᠠ ᠶᠢᠨ ᠴᠢᠨᠠᠷᠲᠠᠢ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠬᠥᠭᠵᠢᠯᠲᠡ | ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠠ ᠴᠦ | ᠳᠤᠮᠳᠠᠳᠤ ᠤᠯᠤᠰ ᠡᠭᠦᠷᠢᠳᠡ ᠡᠵᠡᠷᠬᠡᠭᠴᠢ ᠪᠤᠯᠬᠤ ᠦᠭᠡᠢ᠂ ᠡᠭᠦᠷᠢᠳᠡ ᠭᠠᠳᠠᠭᠰᠢ ᠲᠦᠷᠢᠭᠦ ᠦᠭᠡᠢ᠃ | ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ | ᠤᠯᠤᠰ ᠯᠤᠭ᠎ᠠ ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ | ᠤᠯᠤᠰ ᠤᠨ ᠬᠤᠭᠤᠷᠤᠨᠳᠤᠭᠢ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠡᠷᠬᠡ ᠲᠡᠭᠰᠢ᠂ ᠨᠡᠭᠡᠭᠡᠯᠲᠡᠲᠡᠢ᠂ | ᠬᠠᠮᠲᠤᠷᠠᠨ ᠠᠵᠢᠯᠯᠠᠬᠤ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ | ᠡᠯ᠎ᠡ ᠤᠯᠤᠰ ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠬᠦ ᠪᠠᠷ ᠬᠦᠴᠦᠯᠡᠨ ᠴᠢᠷᠮᠠᠶᠢᠨ᠎ᠠ᠃ ᠲᠣᠮᠣ | ᠤᠯᠤᠰ ᠤᠨ ᠵᠣᠬᠢᠴᠠᠭᠤᠯᠭ᠎ᠠ ᠪᠠ ᠰᠠᠶᠢᠨ ᠦᠢᠯᠡᠳᠦᠯᠴᠡᠯ ᠢ ᠠᠬᠢᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ | ᠶᠡᠷᠦᠩᠬᠡᠢ ᠳᠡᠭᠡᠨ ᠲᠣᠭᠲᠠᠭᠤᠨ᠂ ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃ | ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠨᠠᠶᠢᠵᠠᠯᠠᠬᠤ ᠬᠥᠷᠰᠢ ᠵᠡᠷᠭᠡᠯᠡᠳᠡᠭᠡ ᠶᠢᠨ ᠭᠠᠳᠠᠭᠠᠳᠤ | ᠬᠠᠷᠢᠯᠴᠠᠭᠠᠨ ᠤ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ 365网络科技_bat365在线登录_注册送365元可提款 | ᠨᠥᠭᠦᠷᠰᠡᠭ ᠢᠲᠡᠭᠡᠯᠴᠡᠭᠡ ᠪᠠ ᠠᠰᠢᠭ ᠲᠤᠰᠠ ᠶᠢᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ ᠦᠨᠡᠨ | ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ ᠵᠢᠷᠤᠮ ᠠᠰᠢᠭ ᠤᠨ ᠦᠵᠡᠯᠲᠡ ᠶᠢ | ᠪᠠᠷᠢᠮᠲᠠᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ | ᠳᠤᠷᠠᠲᠠᠶ᠎ᠠ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠦᠷᠢᠮᠦᠰᠦᠨ ᠡᠷᠬᠡ ᠲᠡᠭᠰᠢ ᠪᠠᠶᠢᠬᠤ᠂ ᠬᠠᠷᠢᠯᠴᠠᠨ ᠬᠦᠨᠳᠦᠳᠬᠡᠬᠦ᠂ | ᠳᠣᠲᠣᠭᠠᠳᠤ ᠬᠡᠷᠡᠭ ᠲᠤ ᠬᠠᠷᠢᠯᠴᠠᠨ ᠭᠠᠷ ᠦᠯᠦ ᠲᠦᠷᠦᠭᠦ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠤᠨ ᠲᠦᠷᠦ ᠶᠢᠨ ᠨᠠᠮ | ᠪᠠ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠴᠡᠷᠢᠭ ᠠᠩᠭᠢ᠂ ᠣᠷᠣᠨ ᠨᠤᠲᠤᠭ᠂ ᠠᠷᠠᠳ ᠤᠨ | ᠬᠤᠭᠤᠷᠤᠨᠳᠤᠭᠢ ᠵᠡᠷᠭᠡ ᠡᠯ᠎ᠡ ᠲᠠᠯ᠎ᠠ ᠶᠢᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ | ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠦᠨ᠂ | ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠲᠣᠭᠢᠶᠠᠯ ᠲᠠᠰᠤᠷᠠᠯᠲᠠ ᠦᠭᠡᠢ ᠬᠠᠩᠭᠠᠵᠤ᠂ | ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ | ᠨᠡᠩ ᠰᠠᠶᠢᠨ ᠠᠰᠢᠭ ᠬᠦᠷᠲᠡᠭᠡᠨ᠎ᠡ᠃ ᠳᠤᠮᠳᠠᠳᠤ ᠤᠯᠤᠰ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠂ | ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠲᠦᠭᠦᠮ ᠳᠥᠲᠡ ᠪᠤᠯᠬᠤ ᠶᠢ ᠠᠬᠢᠭᠤᠯᠵᠤ᠂ ᠬᠤᠶᠠᠷ ᠲᠠᠯᠠᠲᠤ᠂ | ᠣᠷᠣᠨ ᠪᠦᠰᠡ ᠶᠢᠨ ᠪᠣᠯᠣᠨ ᠤᠯᠠᠨ ᠲᠠᠯᠠᠲᠤ ᠬᠠᠮᠲᠤᠷᠠᠯᠴᠠᠭ᠎ᠠ ᠶᠢ ᠠᠬᠢᠭᠤᠯᠤᠨ᠂ ᠤᠯᠠᠨ ᠤᠯᠤᠰ ᠤᠨ ᠬᠤᠷᠸ᠎ᠠ ᠠᠵᠤ ᠠᠬᠤᠢ ᠶᠢᠨ | ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠠᠬᠢᠭᠤᠯᠵᠤ᠂ ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ ᠢ | ᠬᠠᠮᠲᠤ ᠪᠠᠷ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠶᠢ | ᠬᠠᠮᠲᠤ ᠪᠠᠷ ᠪᠣᠶᠢᠵᠢᠭᠤᠯᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ︽ᠬᠡᠷᠡᠮ ᠪᠣᠰᠬᠠᠵᠤ ᠪᠠᠬᠢᠯᠡᠯᠲᠡ | ᠪᠠᠶᠢᠭᠤᠯᠬᠤ︾᠂ ︽ᠬᠠᠷᠢᠯᠴᠠᠭ᠎ᠠ ᠲᠠᠰᠤᠷᠠᠵᠤ ᠬᠡᠯᠬᠢᠶ᠎ᠡ ᠶᠢ ᠲᠠᠰᠤᠯᠬᠤ︾ ᠶᠢ ᠡᠰᠡᠷᠭᠦᠴᠡᠵᠦ᠂ ᠭᠠᠭᠴᠠ | ᠲᠠᠯ᠎ᠠ ᠠᠴᠠ ᠵᠠᠯᠬᠠᠭᠠᠯ ᠦᠵᠡᠭᠦᠯᠭᠦ᠂ ᠲᠤᠶᠢᠯ ᠤᠨ ᠶᠡᠭᠡ ᠳᠠᠷᠤᠯᠲᠠ ᠦᠵᠡᠭᠦᠯᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠳᠤᠷᠠᠲᠠᠶ᠎ᠠ | ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭᠠᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠡᠮᠦᠨᠡᠲᠦ | ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ | ᠬᠥᠭᠵᠢᠯᠲᠡ ᠪᠠᠨ ᠲᠦᠷᠭᠡᠳᠬᠡᠬᠦ ᠶᠢ ᠡᠷᠡᠰ ᠳᠡᠮᠵᠢᠵᠦ ᠬᠠᠪᠰᠤᠷᠤᠨ᠎ᠠ᠃ ᠳᠤᠮᠳᠠᠳᠤ | ᠤᠯᠤᠰ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ | ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ | ᠦᠨᠡᠨ ᠬᠦ ᠤᠯᠠᠨ ᠲᠠᠯᠠᠲᠤ ᠦᠵᠡᠯ ᠢ ᠪᠠᠷᠢᠮᠲᠠᠯᠠᠨ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ | ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠤᠨ᠎ᠠ᠃ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ | ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ | ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠶᠠᠮᠠᠷᠪᠠ ᠭᠡᠯᠪᠡᠷᠢ ᠶᠢᠨ ᠭᠠᠭᠴᠠ | ᠲᠠᠯᠠᠲᠤ ᠦᠵᠡᠯ ᠢ ᠡᠰᠡᠷᠭᠦᠴᠡᠵᠦ᠂ ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠯᠡᠭᠧᠷ ᠤᠨ ᠮᠠᠶ᠋ᠢᠭ ᠤᠨ ᠪᠠ ᠪᠤᠰᠤᠳ ᠢ | ᠭᠠᠳᠠᠭᠤᠷᠴᠢᠯᠠᠬᠤ ᠴᠢᠨᠠᠷᠲᠠᠢ ᠵᠢᠵᠢᠭ ᠪᠦᠯᠭᠦᠮ ᠪᠠᠶᠢᠭᠤᠯᠬᠤ ᠶᠢ ᠡᠰᠡᠷᠭᠦᠴᠡᠨ᠎ᠡ᠃ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠶᠢᠨ | ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠠᠯᠳᠠᠨ ᠲᠣᠭᠤᠰᠭ᠋᠎ᠠ ᠶᠢᠨ ᠤᠯᠤᠰ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠶᠢᠨ ᠨᠥᠯᠥᠭᠡᠯᠡᠬᠦ ᠬᠦᠴᠦᠨ ᠢ | ᠥᠷᠭᠡᠳᠬᠡᠵᠦ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠪᠦᠭᠦ | ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠭᠡᠯᠡᠭᠦ ᠡᠷᠬᠡ ᠶᠢ ᠴᠢᠩᠭᠠᠳᠬᠠᠨ᠎ᠠ᠃ | ᠳᠤᠮᠳᠠᠳᠤ ᠤᠯᠤᠰ ᠪᠦᠭᠦ ᠪᠥᠮᠪᠥᠷᠴᠡᠭ ᠤᠨ ᠠᠮᠤᠷ ᠲᠦᠪᠰᠢᠨ ᠤ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠤᠯᠴᠠᠬᠤ ᠪᠠᠨ ᠪᠠᠷᠢᠮᠲᠠᠯᠠᠵᠤ᠂ | ᠤᠯᠠᠨ ᠤᠯᠤᠰ ᠤᠨ ᠠᠮᠤᠷ ᠲᠦᠪᠰᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ | ᠳᠡᠯᠡᠬᠡᠢ ᠶᠢᠨ ᠡᠩᠬᠡ ᠲᠠᠶᠢᠪᠤᠩ ᠪᠣᠯᠣᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ | ᠤᠯᠤᠰ ᠤᠨ ᠠᠷᠠᠳ ᠲᠦᠮᠡᠨ ᠤ ᠢᠷᠡᠭᠡᠳᠦᠢ ᠮᠥᠨ᠃ ᠲᠦᠮᠡᠨ ᠪᠣᠳᠠᠰ ᠵᠡᠷᠭᠡᠳᠡ ᠠᠮᠢᠯᠠᠨ ᠲᠥᠯᠵᠢᠪᠡᠴᠦ | ᠬᠠᠷᠢᠯᠴᠠᠨ ᠬᠤᠬᠢᠷᠠᠭᠤᠯᠬᠤ ᠦᠭᠡᠢ᠂ ᠶᠣᠰᠣ ᠳᠦᠷᠢᠮ ᠵᠡᠷᠭᠡᠳᠡ ᠣᠷᠣᠰᠢᠪᠠᠴᠤ ᠬᠠᠷᠢᠯᠴᠠᠨ ᠬᠠᠷᠰᠢᠯᠳᠤᠬᠤ ᠦᠭᠡᠢ᠃ | ᠭᠠᠭᠴᠠ ᠬᠦ ᠡᠯ᠎ᠡ ᠤᠯᠤᠰ ᠳᠡᠯᠡᠬᠡᠢ ᠳ᠋ᠠᠬᠢᠨ ᠤ ᠳᠠᠷᠳᠠᠩ ᠵᠠᠮ ᠢᠶᠠᠷ ᠵᠠᠮᠨᠠᠵᠤ᠂ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠪᠡᠯ᠂ ᠴᠡᠴᠡᠭᠯᠡᠯ ᠬᠥᠭᠵᠢᠯ ᠰᠠᠶ᠋ᠢ ᠥᠨᠢ ᠤᠳᠠᠭᠠᠨ ᠦᠷᠭᠦᠯᠵᠢᠯᠡᠵᠦ᠂ | ᠠᠮᠤᠷ ᠲᠦᠪᠰᠢᠨ ᠰᠠᠶ᠋ᠢ ᠪᠠᠲᠤᠯᠠᠭ᠎ᠠ ᠲᠠᠢ ᠪᠣᠯᠵᠤ ᠴᠢᠳᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠤᠭᠰᠠᠨ ᠪᠥᠭᠡᠳ ᠳᠤᠷᠠᠲᠠᠶ᠎ᠠ ᠳᠡᠯᠡᠬᠡᠢ ᠨᠡᠶᠢᠭᠡᠮ ᠲᠠᠢ | ᠬᠠᠮᠲᠤ ᠪᠠᠷ ᠴᠢᠷᠮᠠᠶᠢᠨ ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ ᠬᠢᠬᠦ ᠶᠢ ᠪᠠᠷᠢᠮᠲᠠᠯᠠᠵᠤ᠂ | ᠥᠨᠢ ᠤᠳᠠᠭᠠᠨ ᠡᠩᠬᠡ ᠲᠠᠶᠢᠪᠤᠩ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ | ᠠᠭᠢᠭᠤᠯᠤᠨ᠎ᠠ ︔ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠮᠲᠤ ᠪᠠᠷ | ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠰᠣᠯᠢᠯᠴᠠᠭ᠎ᠠ ᠬᠢᠵᠦ | ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ | ᠪᠠᠶᠢᠭᠤᠯᠬᠤ ᠶᠢ ᠠᠭᠢᠭᠤᠯᠤᠨ᠎ᠠ ︔ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠶᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ | ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ᠃ ᠳᠡᠯᠡᠬᠡᠢ ᠶᠢᠨ ᠡᠯ᠎ᠡ ᠤᠯᠤᠰ ᠤᠨ ᠬᠢᠨ | ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠶᠢ | ᠡᠷᠬᠢᠮᠯᠡᠭᠰᠡᠨ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠡᠯ᠎ᠡ | ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠬᠤ ᠪᠠ ᠳᠣᠲᠣᠨᠣᠰᠤᠭ ᠪᠠᠶᠢᠬᠤ ᠶᠢ ᠠᠬᠢᠭᠤᠯᠵᠤ᠂ | ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠪᠣᠯᠪᠠᠰᠤᠨ ᠤ | ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ | ᠲᠣᠯᠢᠯᠠᠬᠤ ᠪᠠᠷ ᠪᠣᠯᠪᠠᠰᠤᠨ ᠤ ᠮᠦᠷᠭᠦᠯᠳᠦᠭᠡᠨ ᠢ ᠳᠠᠪᠠᠵᠤ᠂ ᠪᠣᠯᠪᠠᠰᠤᠨ ᠤ ᠬᠠᠮᠲᠤ ᠪᠠᠷ | ᠣᠷᠣᠰᠢᠬᠤ ᠪᠠᠷ ᠪᠣᠯᠪᠠᠰᠤᠨ ᠤ ᠳᠠᠪᠠᠮᠠᠭᠠᠶᠢᠯᠠᠯ ᠢ ᠳᠠᠪᠠᠵᠤ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ | ᠵᠦᠢᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠪᠢᠳᠡ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃ | ᠪᠢᠳᠡ ᠥᠷᠢᠰᠦᠯᠳᠦᠭᠡᠨ ᠶᠡᠬᠡᠲᠡᠢ ᠴᠠᠭ ᠦᠶ᠎ᠡ ᠳᠤ ᠣᠷᠣᠰᠢᠵᠤ ᠪᠠᠶᠢᠨ᠎ᠠ᠂ ᠮᠥᠨ ᠴᠦ ᠬᠦᠰᠡᠯ ᠡᠷᠡᠮᠡᠯᠵᠡᠯ ᠢᠶᠠᠷ | ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ | ᠳᠡᠯᠡᠬᠡᠢ ᠶᠢᠨ ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ | ᠨᠡᠭᠡᠭᠡᠨ᠎ᠡ︕ ᠠᠷᠪᠠᠨ ᠲᠠᠪᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ | ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ | ᠭᠦᠨᠵᠡᠭᠡᠢ ᠠᠬᠢᠭᠤᠯᠤᠨ᠎ᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠮᠠᠨ ᠤ ᠨᠠᠮ ᠳᠡᠯᠡᠬᠡᠢ ᠳᠡᠭᠡᠷᠡᠬᠢ | ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ᠂ ᠢᠮᠠᠭᠲᠠ | ᠠᠷᠠᠳ ᠲᠦᠮᠡᠨ ᠤ ᠬᠦᠷᠢᠶᠡᠯᠡᠯ ᠢ ᠣᠯᠵᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠪᠠᠶᠢᠷᠢ ᠰᠠᠭᠤᠷᠢ ᠪᠠᠨ | ᠪᠠᠬᠢᠵᠢᠭᠦᠯᠦᠶ᠎ᠡ ᠭᠡᠪᠡᠯ᠂ ᠡᠷᠬᠡᠪᠰᠢ ᠲᠣᠮᠣ ᠨᠠᠮ ᠳᠤ ᠯᠡ ᠪᠠᠶᠢᠳᠠᠭ ᠪᠡᠷᠬᠡ ᠰᠡᠳᠦᠪ ᠢ | ᠰᠢᠢᠳᠪᠦᠷᠢᠯᠡᠬᠦ ᠰᠡᠷᠭᠡᠭ ᠲᠠᠨᠢᠯᠲᠠ ᠪᠠ ᠡᠷᠡᠰ ᠪᠠᠲᠤ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠲᠠᠮᠵᠢᠨ᠂ ᠪᠢᠳᠡ | ᠨᠠᠮ ᠤᠨ ᠳᠣᠲᠣᠭᠠᠳᠤ ᠶᠢᠨ ᠮᠠᠰᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ | ᠲᠤᠯᠭᠠᠷᠠᠵᠤ ᠪᠠᠶᠢᠭ᠎ᠠ ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ | ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠯᠭᠠᠯᠲᠠ᠂ ᠭᠠᠳᠠᠭᠠᠳᠤ ᠣᠷᠴᠢᠨ ᠤ ᠰᠢᠯᠭᠠᠯᠲᠠ ᠤᠷᠳᠤ | ᠬᠤᠭᠤᠴᠠᠭ᠎ᠠ ᠪᠠᠷ ᠣᠷᠣᠰᠢᠵᠤ᠂ ᠤᠶᠤᠨ ᠰᠠᠨᠠᠭ᠎ᠠ ᠬᠤᠶᠢᠷᠭᠤᠰᠢᠬᠤ ᠲᠦᠭᠰᠢᠭᠦᠷᠢ᠂ ᠴᠢᠳᠠᠪᠤᠷᠢ | ᠮᠡᠬᠦᠰᠳᠡᠬᠦ ᠲᠦᠭᠰᠢᠭᠦᠷᠢ᠂ ᠤᠯᠠᠨ ᠲᠦᠮᠡᠨ ᠠᠴᠠ ᠬᠥᠨᠳᠡᠶᠢᠷᠡᠬᠦ ᠲᠦᠭᠰᠢᠭᠦᠷᠢ᠂ ᠨᠠᠵᠠᠭᠠᠶᠢᠷᠠᠨ ᠢᠯᠵᠠᠷᠠᠬᠤ | ᠲᠦᠭᠰᠢᠭᠦᠷᠢ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠪᠦᠭᠦ ᠨᠠᠮ ᠢᠶᠠᠷ ᠢᠶᠠᠨ ᠡᠷᠬᠡᠪᠰᠢ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠡᠭᠦᠷᠢᠳᠡ ᠵᠣᠭᠰᠣᠰᠢ ᠦᠭᠡᠢ ᠭᠡᠳᠡᠭ ᠢ ᠪᠠᠲᠤ ᠴᠡᠭᠡᠵᠢᠯᠡᠵᠦ᠂ ᠶᠠᠭᠠᠬᠢᠭᠰᠠᠨ ᠴᠤ ᠵᠣᠷᠢᠭ ᠮᠣᠬᠤᠬᠤ ᠦᠵᠡᠯ᠂ | ᠬᠠᠯᠠᠰᠢᠷᠠᠬᠤ ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ | ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠪᠢᠳᠡ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ | ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠳᠠᠭ᠂ ᠢᠮᠠᠭᠲᠠ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠭᠠᠨ᠎ᠠ᠃ | ︵ᠨᠢᠭᠡ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ | ᠨᠠᠮ ᠤᠨ ᠤᠳᠤᠷᠢᠳᠤᠯᠭ᠎ᠠ ᠪᠣᠯ ᠪᠦᠭᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ ᠡᠷᠬᠡᠪᠰᠢ ᠪᠦᠭᠦ ᠲᠠᠯ᠎ᠠ ᠪᠠᠷ᠂ | ᠰᠢᠰᠲ᠋ᠧᠮ ᠲᠠᠢ᠂ ᠪᠦᠬᠦᠯᠢ ᠴᠣᠭᠴᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ | ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠪᠦᠭᠦ ᠨᠠᠮ ᠢᠶᠠᠷ ᠢᠶᠠᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ | ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ | ᠬᠦ ᠪᠠᠲᠤᠯᠠᠵᠤ᠂ ᠨᠠᠮ ᠤᠨ ᠪᠦᠯᠬᠦᠮᠳᠡᠯ ᠨᠢᠭᠡᠳᠦᠯ ᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ᠎ᠠ᠃ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠣᠨ | ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠨ᠂ | ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠵᠤ᠂ ᠤᠳᠤᠷᠢᠳᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠭᠦ ᠪᠠ ᠰᠠᠶᠢᠵᠢᠷᠠᠭᠤᠯᠵᠤ᠂ | ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ | ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠲᠠᠶᠢᠴᠢᠯᠠᠨ᠎ᠠ᠃ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ | ᠵᠠᠷᠴᠢᠮᠲᠤ ᠴᠢᠨᠠᠷ᠂ ᠲᠠᠶᠢᠴᠢᠨ ᠴᠢᠨᠠᠷ ᠢ ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ ᠬᠡᠷᠡᠭᠯᠡᠵᠦ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨ᠎ᠡ᠃ ︵ᠬᠤᠶᠠᠷ︶ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠨᠠᠮ ᠤᠨ | ᠰᠢᠨ᠎ᠡ ᠶᠢ ᠡᠭᠦᠳᠭᠦ ᠤᠨᠤᠯ ᠢᠶᠠᠷ ᠪᠦᠭᠦ ᠨᠠᠮ ᠢ ᠵᠡᠪᠰᠡᠭᠯᠡᠬᠦ ᠪᠣᠯ ᠨᠠᠮ ᠤᠨ ᠦᠵᠡᠯ ᠰᠠᠨᠠᠭᠠᠨ ᠤ | ᠪᠠᠶᠢᠭᠤᠯᠤᠯᠲᠠ ᠶᠢᠨ ᠦᠨᠳᠦᠰᠦᠨ ᠡᠭᠦᠷᠭᠡ ᠮᠥᠨ᠃ ᠨᠠᠮ ᠤᠨ ᠦᠵᠡᠯ ᠰᠠᠨᠠᠭᠠᠨ ᠤ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠶᠢ ᠨᠢᠭᠡᠳᠬᠡᠬᠦ᠂ | ᠵᠣᠷᠢᠭ ᠰᠠᠨᠠᠭ᠎ᠠ ᠶᠢ ᠨᠢᠭᠡᠳᠬᠡᠬᠦ᠂ ᠦᠢᠯᠡ ᠠᠵᠢᠯᠯᠠᠭ᠎ᠠ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ | ᠡᠭᠦᠳᠭᠦ ᠤᠨᠤᠯ ᠤᠨ ᠰᠤᠷᠤᠯᠴᠠᠯᠭ᠎ᠠ ᠬᠥᠮᠦᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠠᠷᠺᠰ ᠤᠨ ᠦᠵᠡᠯ ᠤᠨ ᠰᠤᠷᠤᠯᠴᠠᠬᠤ ᠭᠡᠯᠪᠡᠷᠢ ᠶᠢᠨ ᠲᠦᠷᠦ ᠶᠢᠨ ᠨᠠᠮ ᠢ ᠪᠠᠶᠢᠭᠤᠯᠤᠨ᠎ᠠ᠃ ᠬᠦᠰᠡᠯᠡᠩ | ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠪᠦᠭᠦ ᠨᠠᠮ ᠢᠶᠠᠷ ᠢᠶᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ | ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠡᠨᠡ ᠬᠦ ᠶᠡᠷᠦᠩᠬᠡᠢ ᠨᠡᠭᠡᠭᠡᠯᠭᠡ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠡᠪ ᠬᠠᠮᠲᠤ ᠶᠣᠰᠣᠨ ᠤ ᠠᠯᠤᠰ | ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ | ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠶᠢ | ᠬᠥᠲᠥᠯᠥᠨ ᠵᠢᠯᠣᠭᠤᠳᠤᠨ᠎ᠠ᠃ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ | ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢ ᠪᠠᠲᠤᠳᠬᠠᠬᠤ᠂ ᠨᠠᠮᠴᠢ ᠴᠢᠨᠠᠷ ᠢ ᠳᠠᠪᠲᠠᠨ | ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ | ᠶᠡᠭᠡ ᠬᠦᠴᠦᠨ ᠪᠣᠯᠭᠠᠨ ᠬᠤᠪᠢᠷᠠᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠲᠠᠢ ᠤᠶᠠᠯᠳᠤᠭᠤᠯᠵᠤ᠂ | ᠨᠠᠮ ᠤᠨ ᠭᠡᠰᠢᠭᠦᠨ᠂ ᠺᠠᠳ᠋ᠷᠴᠤᠳ ᠤᠨ ᠲᠡᠦᠬᠡ ᠶᠢ ᠰᠤᠷᠤᠯᠴᠠᠨ ᠶᠣᠰᠣ ᠶᠢ ᠣᠶᠢᠯᠠᠭᠠᠬᠤ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ | ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠨ ᠬᠦᠴᠦᠯᠡᠨ ᠦᠢᠯᠡᠳᠦᠯᠭᠡᠵᠢᠭᠦᠯᠬᠦ ᠶᠢ ᠬᠥᠲᠥᠯᠥᠨ | ᠵᠢᠯᠤᠭᠤᠳᠴᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠦᠨ᠎ᠡ᠃ ᠰᠢᠶᠠᠨ | ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ ᠪᠦᠭᠦ ᠨᠠᠮ ᠳᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ︵ᠭᠤᠷᠪᠠ︶ ᠨᠠᠮ ᠤᠨ ᠥᠪᠡᠷ ᠪᠡᠶ᠎ᠡ ᠶᠢᠨ | ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠦᠷᠢᠮ ᠢᠶᠠᠷ ᠨᠠᠮ ᠢ ᠵᠠᠰᠠᠬᠤ᠂ | ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠳᠦᠷᠢᠮ ᠢᠶᠠᠷ ᠦᠨᠳᠦᠰᠦ ᠪᠤᠯᠭᠠᠵᠤ᠂ | ᠠᠷᠠᠳᠴᠢᠯᠠᠯ ᠲᠥᠪᠯᠡᠷᠡᠯ ᠤᠨ ᠶᠣᠰᠣ ᠪᠠᠷ ᠭᠤᠣᠯ ᠪᠤᠯᠭᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ | ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠡᠷᠬᠡ ᠰᠦᠷᠲᠦ | ᠴᠢᠨᠠᠷ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠦᠨᠡᠨ ᠶᠣᠰᠣ ᠶᠢ ᠪᠠᠷᠢᠮᠲᠠᠯᠠᠬᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ | ᠠᠰᠠᠭᠤᠳᠠᠯ ᠢ ᠢᠯᠡᠷᠡᠭᠦᠯᠭᠦ᠂ ᠵᠥᠷᠢᠶ᠎ᠡ ᠪᠠᠨ ᠵᠠᠯᠠᠷᠠᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ ᠨᠠᠮ ᠠᠴᠠ ᠨᠢᠭᠡᠳᠦᠯᠲᠡᠢ ᠤᠳᠤᠷᠢᠳᠤᠭᠰᠠᠨ᠂ | ᠪᠦᠭᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ | ᠡᠷᠬᠡ ᠳᠤ ᠬᠢᠨᠠᠯᠲᠠ ᠲᠠᠯᠪᠢᠬᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ ᠳᠣᠲᠣᠭᠠᠳᠤ ᠶᠢᠨ | ᠬᠢᠨᠠᠯᠲᠠ ᠲᠠᠯᠪᠢᠯᠲᠠ ᠪᠠᠷ ᠤᠳᠤᠷᠢᠳᠤᠮᠵᠢ ᠪᠤᠯᠭᠠᠵᠤ᠂ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ | ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠤᠨ᠂ ᠡᠷᠬᠡ ᠶᠢ ᠢᠯᠡ ᠲᠣᠳᠣ ᠬᠡᠷᠡᠭᠵᠢᠭᠦᠯᠬᠦ ᠪᠣᠯᠭᠠᠨ᠎ᠠ᠃ | ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ | ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ | ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠨ᠎ᠡ᠃ ︵ᠳᠥᠷᠪᠡ︶ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ | ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ | ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠤᠳᠤᠷᠢᠳᠬᠤ ᠴᠢᠳᠠᠪᠤᠷᠢ ᠲᠠᠢ ᠺᠠᠳ᠋ᠷ ᠤᠨ ᠡᠩᠨᠡᠭᠡ ᠪᠠᠶᠢᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ | ᠪᠠᠷᠢᠮᠲᠠᠯᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠯ᠎ᠠ ᠲᠠᠯ᠎ᠠ ᠶᠢᠨ ᠡᠷᠳᠡᠮᠲᠡᠨ | ᠴᠢᠳᠠᠪᠤᠷᠢᠲᠠᠨ ᠢ ᠰᠣᠩᠭᠤᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠨ᠂ ᠰᠢᠨ᠎ᠡ | ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠥᠮᠥᠨ ᠰᠣᠩᠭᠤᠬᠤ ᠬᠥᠮᠥᠨ | ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠤᠯᠭᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠢ ᠰᠢᠯᠢᠨ ᠳᠡᠪᠰᠢᠭᠦᠯᠵᠦ᠂ ᠡᠯ᠎ᠡ ᠱᠠᠲᠤᠨ ᠤ ᠤᠳᠤᠷᠢᠳᠬᠤ | ᠪᠠᠭ ᠲᠤ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ ᠲᠣᠬᠢᠷᠠᠭᠤᠯᠤᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ | ᠪᠠᠶᠢᠴᠠᠭᠠᠯᠲᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠤᠯᠤᠰ ᠲᠦᠷᠦ ᠶᠢᠨ ᠪᠣᠭᠤᠮᠲᠠ᠂ | ᠠᠷᠢᠭᠤᠨ ᠴᠢᠬᠡᠴᠢ ᠶᠢᠨ ᠪᠣᠭᠤᠮᠲᠠ ᠶᠢ ᠲᠣᠪᠤᠶᠢᠯᠭᠠᠨ ᠰᠠᠶᠢᠲᠤᠷ ᠠᠳᠬᠤᠨ᠎ᠠ᠃ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ | ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠬᠤᠯᠠ ᠶᠡᠭᠡ ᠲᠡᠮᠡᠴᠡᠯ ᠤᠨ ᠳᠤᠮᠳᠠ ᠺᠠᠳ᠋ᠷ ᠢ | ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ | ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠡᠷᠳᠡᠮ ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠤᠭᠲᠤᠬᠤ᠂ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ | ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠡᠩ ᠤᠨ ᠦᠶ᠎ᠡ ᠳᠤ ᠦᠵᠡᠵᠦ ᠭᠠᠷᠴᠤ ᠲᠡᠶᠢᠯᠭᠦ᠂ | ᠵᠠᠩᠭᠢᠯᠠᠭ᠎ᠠ ᠶᠢᠨ ᠦᠶ᠎ᠡ ᠳᠤ ᠢᠲᠡᠭᠡᠮᠵᠢᠲᠡᠢ ᠪᠠᠶᠢᠬᠤ᠂ ᠠᠶᠤᠯ ᠲᠦᠭᠰᠢᠭᠦᠷᠢᠲᠡᠢ ᠦᠶ᠎ᠡ ᠳᠤ ᠠᠮᠢ ᠴᠦᠯᠡᠨ ᠲᠡᠮᠡᠴᠡᠬᠦ ᠪᠣᠯᠭᠠᠨ᠎ᠠ᠃ | ᠺᠠᠳ᠋ᠷ ᠢ ᠬᠢᠨᠠᠨ ᠰᠢᠯᠭᠠᠵᠤ ᠦᠨᠡᠯᠡᠭᠦ ᠰᠢᠰᠲ᠋ᠧᠮ ᠢ ᠲᠡᠭᠦᠯᠳᠡᠷᠵᠢᠭᠦᠯᠵᠦ᠂ ᠺᠠᠳ᠋ᠷᠴᠤᠳ ᠢ ᠬᠥᠲᠥᠯᠥᠨ ᠵᠢᠯᠤᠭᠤᠳᠴᠤ᠂ | ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠺᠠᠳ᠋ᠷ ᠢ ᠳᠡᠪᠰᠢᠭᠦᠯᠵᠦ | ᠪᠠᠭᠤᠯᠭᠠᠵᠤ ᠪᠦᠷ ᠪᠤᠯᠬᠤ ᠶᠢ ᠠᠬᠢᠭᠤᠯᠵᠤ᠂ ᠴᠢᠳᠠᠪᠤᠷᠢ ᠲᠠᠢ ᠶᠢ ᠨᠢ ᠳᠡᠪᠰᠢᠭᠦᠯᠭᠦ᠂ ᠰᠢᠯᠢᠳᠡᠭ ᠢ ᠨᠢ ᠱᠠᠩᠨᠠᠬᠤ᠂ | ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ | ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠣᠳᠣᠯᠭ᠎ᠠ ᠶᠢ ᠰᠠᠶᠢᠲᠤᠷ ᠠᠳᠬᠤᠵᠤ᠂ | ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠵᠦ ᠰᠢᠯᠢᠨ ᠳᠡᠪᠰᠢᠭᠦᠯᠭᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤ ᠪᠠ ᠪᠡᠷᠬᠡ ᠬᠠᠲᠠᠭᠤᠵᠢᠯᠲᠠᠢ ᠭᠠᠵᠠᠷ ᠣᠷᠣᠨ ᠳᠤ ᠣᠴᠢᠵᠤ ᠳᠠᠪᠲᠠᠨ ᠪᠤᠯᠪᠠᠰᠤᠷᠠᠭᠤᠯᠬᠤ ᠶᠢ ᠵᠠᠯᠠᠭᠤ | ᠺᠠᠳ᠋ᠷᠴᠤᠳ ᠢ ᠬᠥᠮᠥᠵᠢᠭᠦᠯᠬᠦ ᠴᠢᠬᠤᠯᠠ ᠠᠷᠭ᠎ᠠ ᠵᠠᠮ ᠪᠣᠯᠭᠠᠨ᠎ᠠ᠃ ᠡᠮᠡᠭᠲᠡᠢ ᠺᠠᠳ᠋ᠷ ᠢ ᠬᠥᠮᠥᠵᠢᠭᠦᠯᠵᠦ | ᠰᠢᠯᠢᠨ ᠳᠡᠪᠰᠢᠭᠦᠯᠭᠦ ᠠᠵᠢᠯ ᠢ ᠴᠢᠬᠤᠯᠠᠴᠢᠯᠠᠵᠤ᠂ ᠡᠮᠡᠭᠲᠡᠢ ᠺᠠᠳ᠋ᠷ ᠤᠨ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ | ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠨᠠᠮ ᠤᠨ | ᠭᠠᠳᠠᠨᠠᠬᠢ ᠺᠠᠳ᠋ᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ ᠰᠠᠶᠢᠲᠤᠷ ᠬᠢᠨ᠎ᠡ᠃ ᠠᠵᠢᠯ ᠠᠴᠠ ᠪᠠᠨ | ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠨ᠎ᠡ᠃ | ᠠᠯᠪᠠᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ | ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠺᠠᠳ᠋ᠷᠴᠤᠳ ᠢ ᠪᠦᠭᠦ ᠲᠠᠯ᠎ᠠ ᠪᠠᠷ ᠬᠠᠮᠢᠶᠠᠷᠬᠤ | ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠭᠤᠷᠪᠠ ᠶᠢ ᠰᠠᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ | ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠪᠠᠷ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ | ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠬᠠᠲᠠᠭᠤᠵᠢᠯᠲᠠᠢ ᠭᠠᠵᠠᠷ ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠨ᠎ᠠ᠃ | ︵ᠲᠠᠪᠤ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ | ᠴᠢᠳᠠᠮᠵᠢ ᠶᠢ ᠴᠢᠩᠭᠠᠳᠬᠠᠨ᠎ᠠ᠃ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯ | ᠨᠠᠮ ᠤᠨ ᠳᠠᠪᠠᠭᠤᠯᠢᠭ ᠪᠠ ᠬᠦᠴᠦᠨ ᠴᠢᠳᠠᠯ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠨᠠᠮ ᠤᠨ ᠳᠦᠷᠢᠮ ᠳᠤ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ | ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ | ᠬᠦᠷᠢᠶᠡᠨ ᠤ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠰᠠᠶᠢᠲᠤᠷ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ | ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠶᠢᠨ ᠨᠡᠶᠢᠭᠡᠮ | ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠪᠠᠭᠤᠷᠠᠢ ᠰᠤᠯᠠ ᠵᠠᠳᠠᠭᠠᠢ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ | ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠴᠣᠭᠴᠠᠯᠠᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ | ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ | ᠠᠵᠢᠯ ᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠤᠨ ᠬᠢᠨ ᠤ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ | ᠤᠳᠤᠷᠢᠳᠤᠯᠭ᠎ᠠ ᠶᠢ ᠴᠢᠩᠭᠠᠳᠬᠠᠬᠤ ᠶᠢ ᠠᠬᠢᠭᠤᠯᠵᠤ᠂ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ | ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠨ᠎ᠠ᠃ | ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ | ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠯᠠᠭᠤᠴᠤᠳ ᠪᠠ ᠠᠵᠤ | ᠦᠢᠯᠡᠰ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠤ ᠳᠣᠲᠣᠷ᠎ᠠ ᠠᠴᠠ ᠨᠠᠮ ᠤᠨ ᠭᠡᠰᠢᠭᠦᠨ ᠡᠯᠰᠡᠭᠦ ᠶᠢ ᠴᠢᠬᠤᠯᠠᠴᠢᠯᠠᠵᠤ᠂ | ᠨᠠᠮ ᠤᠨ ᠭᠡᠰᠢᠭᠦᠨ ᠢᠯᠠᠩᠭᠤᠶ᠎ᠠ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ | ᠨᠠᠮ ᠤᠨ ᠳᠣᠲᠣᠭᠠᠳᠤ ᠶᠢᠨ ᠠᠷᠠᠳᠴᠢᠯᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠡᠷᠬᠡ ᠶᠢ ᠪᠠᠲᠤᠯᠠᠨ᠂ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠬᠢᠷᠢ | ᠲᠡᠩᠴᠡᠭᠦ ᠦᠭᠡᠢ ᠨᠠᠮ ᠤᠨ ᠭᠡᠰᠢᠭᠦᠨ ᠢ ᠲᠥᠪ ᠴᠢᠩᠭ᠎ᠠ ᠲᠣᠬᠢᠲᠠᠢ ᠰᠢᠢᠳᠪᠦᠷᠢᠯᠡᠵᠦ᠂ ᠨᠠᠮ ᠤᠨ ᠭᠡᠰᠢᠭᠦᠨ ᠤ | ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠨ᠎ᠠ᠃ ︵ᠵᠢᠷᠭᠤᠭ᠎ᠠ︶ ᠲᠥᠪ | ᠴᠢᠩᠭ᠎ᠠ ᠦᠨᠳᠦᠰᠦᠨ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠨ᠎ᠠ᠃ ᠨᠠᠮ ᠤᠨ | ᠰᠤᠷᠲᠠᠯ ᠤᠨ ᠠᠰᠠᠭᠤᠳᠠᠯ ᠪᠣᠯ ᠲᠦᠷᠦ ᠪᠠᠷᠢᠭᠴᠢ ᠨᠠᠮ ᠤᠨ ᠮᠠᠨᠳᠤᠵᠤ ᠮᠥᠭᠦᠭᠦ ᠲᠠᠢ ᠬᠤᠯᠪᠣᠭᠳᠠᠵᠤ ᠪᠠᠶᠢᠳᠠᠭ᠃ | ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ | ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ ᠲᠦᠷᠦᠭᠦᠯᠡᠨ ᠭᠦᠨᠵᠡᠭᠡᠢ ᠪᠠᠶᠢᠴᠠᠭᠠᠨ | ᠰᠤᠳᠤᠯᠤᠯᠲᠠ ᠬᠢᠬᠦ᠂ ᠪᠣᠳᠠᠲᠠᠢ ᠠᠵᠢᠯᠯᠠᠬᠤ᠂ ᠪᠣᠳᠠᠲᠠᠢ ᠠᠷᠭ᠎ᠠ ᠰᠦᠪᠡᠭᠴᠢᠯᠡᠬᠦ᠂ ᠪᠣᠳᠠᠲᠠᠢ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠢ ᠠᠳᠬᠤᠨ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ | ᠣᠨᠴᠠ ᠡᠷᠬᠡ ᠶᠢᠨ ᠠᠵᠢᠯᠯᠠᠭ᠎ᠠ ᠶᠢ ᠡᠷᠡᠰ ᠠᠷᠢᠯᠭᠠᠨ᠎ᠠ᠃ ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ | ᠠᠵᠢᠯ ᠲᠦᠷᠦᠯ ᠤᠨ ᠴᠢᠨᠠᠷᠲᠠᠢ᠂ ᠱᠠᠲᠤᠴᠢ ᠴᠢᠨᠠᠷᠲᠠᠢ ᠣᠨᠴᠠᠯᠢᠭ ᠢ ᠡᠵᠡᠮᠳᠡᠵᠦ᠂ ᠨᠡᠶᠢᠳᠡᠮ ᠡᠭᠦᠰᠭᠦ᠂ ᠲᠠᠭᠢᠨ ᠳᠠᠪᠲᠠᠨ ᠢᠯᠡᠷᠡᠭᠦ | ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ | ᠲᠡᠰ ᠤᠨ ᠺᠠᠳ᠋ᠷᠴᠤᠳ ᠤᠨ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ᠂ | ᠬᠠᠷᠢᠶᠠᠨ ᠳᠣᠲᠣᠷᠠᠬᠢ ᠪᠠᠨ ᠴᠢᠩᠭ᠎ᠠ ᠬᠠᠮᠢᠶᠠᠷᠬᠤ ᠶᠢ ᠱᠠᠯᠠᠪᠳᠠᠭᠤᠯᠵᠤ᠂ ᠨᠠᠮ ᠤᠨ ᠰᠠᠬᠢᠯᠭ᠎ᠠ ᠠᠴᠠ ᠵᠥᠷᠢᠴᠡᠭᠰᠡᠨ | ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠨᠠᠮᠴᠢ ᠴᠢᠨᠠᠷ ᠨᠠᠮ ᠤᠨ ᠰᠤᠷᠲᠠᠯ | ᠨᠠᠮ ᠤᠨ ᠰᠠᠬᠢᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ | ᠰᠠᠭᠤᠷᠢ ᠶᠢ ᠪᠠᠬᠢᠵᠢᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠦᠨ᠂ ᠢᠯᠵᠠᠷᠠᠯ ᠢ | ᠡᠰᠡᠷᠭᠦᠴᠡᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠶᠠᠨ ᠡᠷᠬᠢᠮ ᠳᠤ | ᠰᠢᠨᠤᠬᠠᠶᠢᠷᠠᠬᠤ ᠦᠭᠡᠢ᠂ ᠶᠠᠳᠠᠭᠤ ᠳᠣᠣᠷᠠᠳᠤ ᠳᠠᠭᠠᠨ ᠵᠣᠷᠢᠭ ᠮᠣᠬᠤᠬᠤ ᠦᠭᠡᠢ᠂ ᠡᠷᠬᠡ ᠰᠦᠷ ᠲᠤ | ᠡᠪᠦᠳᠦᠭ ᠨᠤᠭᠤᠷᠠᠬᠤ ᠦᠭᠡᠢ ᠲᠥᠪ ᠰᠤᠷᠲᠠᠯ ᠢ ᠪᠤᠢ ᠪᠣᠯᠭᠠᠨ᠎ᠠ᠃ ︵ᠲᠤᠯᠤᠭ᠎ᠠ︶ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ | ᠳᠠᠶᠢᠯᠠᠯᠳᠤᠭᠠᠨ ᠳᠤ ᠵᠠᠪᠠᠯ ᠢᠯᠠᠯᠲᠠ ᠣᠯᠣᠨ᠎ᠠ᠃ ᠢᠯᠵᠠᠷᠠᠯ ᠪᠣᠯ ᠨᠠᠮ ᠤᠨ ᠠᠮᠢᠵᠢᠷᠠᠯ ᠤᠨ | ᠬᠦᠴᠦᠨ ᠪᠣᠯᠣᠨ ᠲᠠᠶᠢᠴᠢᠨ ᠬᠦᠴᠦᠨ ᠳᠤ ᠬᠤᠣᠷ ᠬᠥᠨᠥᠭᠡᠯ ᠤᠴᠠᠷᠠᠭᠤᠯᠬᠤ ᠬᠠᠮᠤᠭ ᠤᠨ ᠶᠡᠭᠡ ᠬᠤᠣᠷᠲᠤ ᠬᠠᠪᠤᠳᠠᠷ ᠮᠥᠨ᠂ | ᠢᠯᠵᠠᠷᠠᠯ ᠢ ᠡᠰᠡᠷᠭᠦᠴᠡᠬᠦ ᠪᠣᠯ ᠥᠪᠡᠷ ᠤᠨ ᠪᠡᠶ᠎ᠡ ᠳᠡᠭᠡᠨ ᠬᠢᠬᠦ ᠬᠠᠮᠤᠭ ᠤᠨ ᠲᠤᠶᠢᠯᠪᠤᠷᠢᠲᠠᠢ ᠬᠤᠪᠢᠰᠬᠠᠯ ᠮᠥᠨ᠃ | ᠢᠯᠵᠠᠷᠠᠯ ᠤᠨ ᠠᠰᠠᠭᠤᠳᠠᠯ ᠡᠭᠦᠰᠭᠦ ᠬᠥᠷᠥᠰᠥ ᠪᠠ ᠨᠥᠬᠦᠴᠡᠯ ᠣᠷᠣᠰᠢᠵᠤ ᠯᠡ ᠪᠠᠶᠢᠪᠠᠯ ᠢᠯᠵᠠᠷᠠᠯ ᠢ ᠡᠰᠡᠷᠭᠦᠴᠡᠬᠦ ᠲᠡᠮᠡᠴᠡᠯ ᠢ | ᠨᠢᠭᠡ ᠮᠥᠴᠡ ᠴᠦ ᠵᠣᠭᠰᠤᠭᠠᠬᠤ ᠦᠭᠡᠢ᠂ ᠳᠠᠭᠠᠷᠢᠯᠲᠠ ᠶᠢᠨ ᠪᠦᠷᠢᠶ᠎ᠡ ᠶᠢ ᠢᠮᠠᠭᠲᠠ ᠬᠠᠩᠭᠢᠨᠠᠭᠤᠯᠬᠤ ᠬᠡᠷᠡᠭᠲᠡᠢ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ ᠢᠵᠢᠯ | ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠬᠦ ᠬᠡᠷᠡᠭᠲᠡᠢ᠃ ᠤᠬᠳᠤ ᠠᠭᠤᠴᠢᠯᠠᠬᠤ ᠦᠭᠡᠢ | ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ ᠮᠠᠭᠤᠬᠠᠢ ᠶᠢ ᠵᠠᠯᠬᠠᠭᠠᠵᠤ᠂ ᠨᠡᠮᠡᠭᠳᠡᠯ ᠢ ᠨᠡᠩ ᠬᠦᠴᠦᠲᠡᠢ ᠬᠤᠷᠢᠭᠯᠠᠨ᠂ | ᠬᠠᠳᠠᠭᠠᠯᠠᠯᠲᠠ ᠶᠢᠨ ᠬᠡᠮᠵᠢᠶ᠎ᠡ ᠶᠢ ᠨᠡᠩ ᠪᠦᠲᠦᠮᠵᠢᠲᠡᠢ ᠪᠠᠷ ᠠᠷᠢᠯᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ | ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ ᠠᠰᠢᠭ ᠲᠤᠰᠠ ᠶᠢᠨ | ᠪᠦᠯᠦᠭᠯᠡᠯ ᠪᠠ ᠡᠷᠬᠡ ᠰᠦᠷᠲᠦ ᠪᠦᠯᠭᠦᠮ ᠤᠨ ᠣᠷᠣᠯᠠᠨ ᠥᠭᠦᠯᠡᠭᠴᠢ᠂ ᠣᠷᠣᠯᠠᠭᠴᠢ ᠪᠤᠯᠬᠤ ᠶᠢ ᠡᠷᠡᠰ | ᠰᠡᠷᠭᠡᠶᠢᠯᠡᠨ ᠬᠤᠷᠢᠭᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠰᠦᠯᠪᠡᠭᠡᠯᠳᠤᠨ ᠤᠯᠤᠰ | ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠭᠰᠡᠨ | ᠠᠰᠠᠭᠤᠳᠠᠯ ᠢ ᠡᠷᠡᠰ ᠵᠠᠰᠠᠨ᠎ᠠ᠂ ᠤᠬᠳᠤ ᠢᠯᠳᠠᠷ ᠬᠠᠶᠠᠬᠤ ᠦᠭᠡᠢ᠃ ᠡᠷᠬᠡ ᠲᠥᠪᠯᠡᠷᠡᠭᠰᠡᠨ᠂ ᠪᠡᠯᠡ | ᠮᠥᠩᠭᠦ ᠨᠢᠭᠲᠠᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ | ᠤᠯᠠᠨ ᠲᠦᠮᠡᠨ ᠤ ᠳᠡᠷᠭᠡᠳᠡᠬᠢ ︽ᠢᠯᠠᠭ᠎ᠠ︾ ᠶᠢ ᠡᠷᠡᠰ ᠵᠠᠯᠬᠠᠭᠠᠨ ᠰᠢᠢᠳᠬᠡᠵᠦ᠂ ᠤᠳᠤᠷᠢᠳᠬᠤ ᠺᠠᠳ᠋ᠷᠴᠤᠳ ᠤᠨ ᠬᠠᠨᠢ ᠨᠥᠬᠦᠷ᠂ | ᠦᠷ᠎ᠡ ᠬᠡᠦᠬᠡᠳ ᠵᠢᠴᠢ ᠲᠡᠳᠡᠨ ᠤ ᠬᠠᠨᠢ ᠨᠥᠬᠦᠷ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠨ ᠤ ᠨᠥᠯᠥᠭᠡᠯᠡᠬᠦ | ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠵᠤ ᠢᠯᠵᠠᠷᠠᠨ ᠳᠣᠷᠣᠶᠢᠲᠠᠭᠰᠠᠨ ᠠᠰᠠᠭᠤᠳᠠᠯ ᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠭᠢᠭᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ | ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ ᠰᠢᠢᠳᠬᠡᠨ᠎ᠡ᠃ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠭᠤᠳᠠᠯ ᠶᠠᠯᠠᠳᠠᠨ ᠢ ᠨᠡᠬᠡᠮᠵᠢᠯᠡᠬᠦ ᠤᠷᠭᠤᠨ ᠳᠤᠲᠠᠭᠠᠬᠤ ᠶᠢ ᠰᠡᠷᠭᠡᠶᠢᠯᠡᠬᠦ ᠱᠠᠮᠰᠢᠭᠰᠠᠨ | ᠡᠳ᠋ ᠢ ᠨᠡᠬᠡᠮᠵᠢᠯᠡᠬᠦ ᠲᠣᠭᠲᠠᠴᠠ ᠶᠢ ᠨᠢᠭᠡ ᠴᠣᠭᠴᠠᠵᠢᠭᠤᠯᠤᠨ ᠪᠠᠶᠢᠭᠤᠯᠤᠨ᠎ᠠ᠃ ᠦᠨ ᠭᠭᠡᠨ ᠲᠠᠯ᠎ᠠ ᠪᠠ | ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠯ ᠢ ᠡᠰᠡᠷᠭᠦᠴᠡᠬᠦ | ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ | ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠤᠬᠠᠮᠰᠠᠷ ᠢ ᠴᠢᠩᠭᠠᠳᠬᠠᠵᠤ᠂ ᠠᠷᠢᠭᠤᠨ | ᠴᠢᠬᠡᠴᠢ ᠪᠠᠷ ᠳᠠᠷᠤᠭ᠎ᠠ ᠰᠠᠭᠤᠵᠤ᠂ ᠴᠡᠪᠡᠷ ᠴᠢᠬᠡᠴᠢ ᠪᠠᠷ ᠠᠵᠢᠯ ᠬᠢᠬᠦ ᠶᠢ ᠬᠥᠲᠥᠯᠥᠨ ᠵᠢᠯᠤᠭᠤᠳᠴᠤ᠂ | ᠴᠢᠩᠭ᠎ᠠ ᠵᠠᠯᠬᠠᠭᠠᠨ ᠰᠢᠢᠳᠬᠡᠬᠦ᠂ ᠡᠷᠬᠡ ᠶᠢ ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ | ᠵᠢᠯᠤᠭᠤᠳᠬᠤ ᠶᠢ ᠨᠢᠭᠲᠠ ᠤᠶᠠᠯᠳᠤᠭᠤᠯᠵᠤ᠂ ᠵᠣᠬᠢᠴᠠᠭᠤᠯᠤᠨ ᠬᠤᠯᠪᠣᠯᠳᠤᠭᠤᠯᠵᠤ᠂ ᠨᠡᠩ ᠤᠯᠠᠨ | ᠳᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ | ᠦᠭᠡᠢ ᠣᠯᠬᠤ ᠬᠡᠷᠡᠭᠲᠡᠢ᠃ ᠨᠥᠬᠦᠳ ᠠ᠋︕ ᠴᠠᠭ ᠦᠶ᠎ᠡ ᠪᠢᠳᠠᠨ ᠢ ᠤᠷᠢᠶᠠᠯᠠᠵᠤ ᠪᠠᠶᠢᠨ᠎ᠠ᠂ ᠠᠷᠠᠳ | ᠲᠦᠮᠡᠨ ᠪᠢᠳᠡᠨ ᠳᠤ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠴᠥᠬᠦᠷᠡᠰᠢ ᠦᠭᠡᠢ ᠵᠣᠷᠢᠭ ᠢᠶᠠᠷ ᠰᠢᠨᠲᠠᠷᠠᠰᠢ ᠦᠭᠡᠢ | ᠰᠢᠳᠤᠷᠭᠤ ᠠᠵᠢᠯᠯᠠᠪᠠᠯ ᠰᠠᠶ᠋ᠢ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ | ᠪᠠᠶᠢᠵᠤ ᠴᠢᠳᠠᠨ᠎ᠠ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠪᠦᠯᠬᠦᠮᠳᠡᠨ ᠲᠡᠮᠡᠴᠡᠬᠦ ᠪᠣᠯ | ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ | ᠦᠭᠡᠢ ᠵᠠᠮᠨᠠᠬᠤ ᠵᠠᠮ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠳᠤ | ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠨᠠᠮ ᠢ ᠪᠦᠭᠦ ᠲᠠᠯ᠎ᠠ ᠪᠠᠷ | ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠢᠮᠠᠭᠲᠠ ᠬᠠᠳᠠᠭᠠᠯᠠᠵᠤ᠂ | ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ ᠭᠡᠳᠡᠭ ᠢ ᠪᠦᠭᠦ | ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠡᠨᠡ ᠪᠣᠯ ᠪᠢᠳᠡᠨ ᠤ ᠤᠷᠳᠤ | ᠬᠤᠭᠤᠴᠠᠭᠠᠨ ᠤ ᠦᠢᠯᠡᠳᠦᠯᠭᠡ ᠶᠢᠨ ᠳᠤᠮᠳᠠ ᠣᠯᠣᠭᠰᠠᠨ ᠲᠤᠶᠢᠯ ᠤᠨ ᠴᠢᠬᠤᠯᠠ ᠵᠢᠮ᠎ᠡ ᠶᠣᠰᠣᠴᠢ | ᠴᠢᠨᠠᠷᠲᠠᠢ ᠲᠠᠨᠢᠯᠲᠠ ᠮᠥᠨ᠂ ᠡᠷᠬᠡᠪᠰᠢ ᠬᠤᠪᠢ ᠲᠠᠭᠢᠨ ᠨᠠᠨᠳᠢᠩᠨᠠᠨ᠂ ᠢᠮᠠᠭᠲᠠ ᠪᠠᠷᠢᠮᠲᠠᠯᠠᠵᠤ᠂ | ᠵᠣᠷᠢᠭᠰᠠᠨ ᠳᠠᠭᠠᠨ ᠵᠠᠪᠠᠯ ᠬᠦᠷᠬᠦ ᠪᠠᠷ ᠰᠢᠨᠲᠠᠷᠠᠰᠢ ᠦᠭᠡᠢ ᠲᠡᠮᠡᠴᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠪᠤᠷᠭᠤ ᠣᠩᠭᠤᠴᠠ ᠶᠢᠨ ᠰᠠᠯᠬᠢ ᠳᠠᠪᠠᠯᠭᠠᠨ ᠢ ᠰᠥᠷᠦᠨ᠂ ᠠᠯᠤᠰ ᠢ ᠵᠣᠷᠢᠨ ᠯᠠᠪᠳᠠᠭᠤᠨ | ᠪᠠᠲᠤᠲᠠᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠠ ᠪᠠᠲᠤᠯᠠᠬᠤ ᠬᠡᠷᠡᠭᠲᠡᠢ᠃ ᠪᠦᠯᠬᠦᠮᠳᠡᠯ ᠪᠣᠯ | ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ | ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠭᠦ ᠨᠠᠮ ᠢᠶᠠᠷ ᠢᠶᠠᠨ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ | ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠤᠯᠭᠠᠵᠤ᠂ | ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ | ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠠᠷᠠᠳ ᠲᠦᠮᠡᠨ ᠳᠤ ᠲᠦᠰᠢᠭᠯᠡᠬᠦ᠂ ᠤᠯᠠᠨ | ᠲᠦᠮᠡᠨ ᠤ ᠳᠤᠮᠳᠠ ᠠᠴᠠ ᠢᠷᠡᠵᠤ ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠨ᠂ ᠠᠷᠠᠳ | ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠢᠮᠠᠭᠲᠠ | ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ | ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠰᠡᠳᠬᠢᠯ ᠨᠢᠭᠡᠳᠦᠨ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ | ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠬᠠᠮᠤᠭ ᠤᠨ ᠰᠠᠶᠢᠬᠠᠨ ᠴᠠᠭ ᠦᠶ᠎ᠡ ᠳᠤ ᠲᠣᠬᠢᠶᠠᠵᠤ᠂ ᠠᠪᠢᠶᠠᠰ | ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ | ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠪᠦᠭᠦ | ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ | ᠪᠣᠯᠭᠠᠨ ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ ᠵᠡᠪᠰᠡᠭᠯᠡᠵᠦ᠂ ᠨᠠᠮ ᠤᠨ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠤᠨ ᠰᠡᠳᠬᠢᠯ ᠢ ᠮᠡᠳᠡᠭᠴᠢ᠂ | ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ ᠵᠠᠯᠠᠭᠤᠴᠤᠳ ᠤᠨ ᠵᠠᠮᠴᠢᠯᠠᠭᠴᠢ ᠪᠤᠯᠬᠤ ᠬᠡᠷᠡᠭᠲᠡᠢ᠃ | ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠬᠦᠰᠡᠯ | ᠵᠡᠭᠦᠳᠦ ᠲᠠᠢ ᠮᠥᠷᠲᠡᠭᠡᠨ ᠯᠠᠪᠳᠠᠭᠤᠨ ᠪᠠᠲᠤᠲᠠᠢ ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭᠠᠢ ᠬᠢᠵᠦ | ᠴᠢᠳᠠᠮᠠᠭᠠᠢ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠳᠡᠭ᠂ ᠬᠦᠴᠢᠷ ᠠᠴᠠ | ᠠᠶᠤᠬᠤ ᠦᠭᠡᠢ᠂ ᠵᠣᠷᠢᠭᠲᠠᠢ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠡᠷᠴᠢ ᠵᠣᠷᠢᠭ ᠢᠶᠠᠨ ᠬᠥᠪᠴᠢᠯᠡᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠭᠠᠯ ᠬᠠᠯᠠᠭᠤᠨ ᠦᠢᠯᠡᠳᠦᠯᠭᠡ ᠶᠢᠨ | ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃ ᠨᠥᠬᠦᠳ ᠠ᠋ ᠨᠠᠮ | ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ ᠦᠢᠯᠡᠰ ᠢ ᠪᠦᠲᠦᠭᠡᠭᠰᠡᠨ ᠢᠶᠠᠷ ᠪᠠᠷᠠᠬᠤ ᠦᠭᠡᠢ᠂ ᠪᠠᠰᠠ | ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠭᠤᠤ ᠦᠢᠯᠡᠰ ᠢ ᠡᠭᠦᠳᠭᠦ ᠨᠢ ᠯᠠᠪᠲᠠᠢ᠃ ᠪᠦᠭᠦ ᠨᠠᠮ ᠪᠦᠭᠦ ᠴᠡᠷᠢᠭ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠬᠤᠭᠤᠰᠤᠨ ᠶᠠᠷᠢᠶ᠎ᠠ ᠤᠯᠤᠰ ᠢ ᠰᠠᠭᠠᠲᠠᠭᠠᠵᠤ᠂ ᠪᠣᠳᠠᠲᠠᠢ ᠠᠵᠢᠯᠯᠠᠪᠠᠯ ᠤᠯᠤᠰ ᠢᠶᠠᠨ | ᠮᠠᠨᠳᠤᠭᠤᠯᠤᠨ᠎ᠠ ᠭᠡᠳᠡᠭ ᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠨᠢᠭᠡ ᠰᠡᠳᠬᠢᠯ ᠨᠢᠭᠡ ᠵᠣᠷᠢᠭ ᠢᠶᠠᠷ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ |