︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶﹀ ᠢ | ᠳᠠᠷᠤᠮᠠᠯᠯᠠᠨᠲ᠋ᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ᠤᠨ ᠲᠠᠶᠢᠯᠤᠮᠵᠢ | | 2022 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ ᠤᠷᠲᠤᠳᠬᠠᠬᠤ | ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠦᠢᠯᠡᠴᠢᠯᠡᠭᠡᠨ ᠲᠠᠷᠬᠠᠭᠠᠭᠰᠠᠨ ︹2022︺ | 60 ᠳ᠋ᠤᠭᠠᠷ ᠲᠣᠭᠠᠲᠤ᠂ ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ | ᠨᠡᠶᠢᠭᠡᠮ ᠨᠡᠶᠢᠲᠡ ᠳᠤ ︽ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠵᠥᠪ | ᠣᠶᠢᠯᠠᠭᠠᠭᠤᠯᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠦᠢᠯᠡᠴᠢᠯᠡᠬᠦ ᠴᠠᠭ ᠢᠶᠠᠨ ᠤᠷᠲᠤᠳᠬᠠᠬᠤ ᠭᠡᠵᠦ ᠶᠠᠭᠤ ᠪᠤᠢ︖ | ᠦᠢᠯᠡᠴᠢᠯᠡᠬᠦ ᠴᠠᠭ ᠢᠶᠠᠨ ᠤᠷᠲᠤᠳᠬᠠᠬᠤ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡ ᠬᠡᠷᠡᠭᠰᠡᠬᠦ ᠬᠥᠮᠥᠰ ᠤᠨ ᠱᠠᠭᠠᠷᠳᠠᠯᠭ᠎ᠠ ᠪᠠᠷ | ᠠᠵᠢᠯᠯᠠᠬᠤ ᠴᠠᠭ ᠵᠶ᠋ᠠᠨᠤᠷᠲᠤᠳᠬᠠᠬᠤ ᠶᠢ ᠵᠢᠭᠠᠵᠤ ᠪᠣᠶ᠃ | ᠬᠤᠶᠠᠷ᠂ ᠶᠠᠭᠤᠨ ᠳᠤ ︽ᠲᠥᠰᠥᠯ︾ ᠢ ᠲᠣᠭᠲᠠᠭᠠᠨ ᠨᠡᠶᠢᠲᠡᠯᠡᠭᠰᠡᠨ ᠪᠤᠢ︖ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ | ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ | ᠰᠠᠨᠠᠯ︾ ︵ᠲᠥᠷᠥ ᠲᠠᠷᠬᠠᠭᠠᠭᠰᠠᠨ ︹2022︺ 5 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ | ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹2021︺ 28 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠲᠥᠰᠥᠯ︾ ᠢ ᠰᠤᠳᠤᠯᠤᠨ ᠲᠣᠭᠲᠠᠭᠠᠭᠠᠳ᠂ ︽ᠠᠵᠢᠯ ᠤᠨ ᠴᠠᠭ ᠲᠤ | ᠭᠦᠢᠴᠡᠳᠬᠡᠬᠦ ᠵᠠᠪ ᠦᠭᠡᠢ︾ ︽ᠠᠮᠠᠷᠠᠯᠲᠠ ᠶᠢᠨ ᠴᠠᠭ ᠲᠤ ᠭᠦᠢᠴᠡᠳᠬᠡᠬᠦ ᠭᠠᠵᠠᠷ ᠦᠭᠡᠢ︾ ︽ᠭᠦᠢᠴᠡᠳᠬᠡᠵᠦ | ᠳᠠᠭᠤᠰᠤᠭ᠎ᠠ ᠦᠭᠡᠢ ᠠᠴᠠ ᠳᠠᠬᠢᠨᠲᠠ ᠬᠦᠶᠦᠬᠦ︾ ᠵᠡᠷᠭᠡ ᠬᠦᠴᠢᠷ ᠠᠰᠠᠭᠤᠳᠠᠯ ᠤᠳ ᠢ ᠦᠨᠡᠨ ᠬᠦ ᠰᠢᠢᠳᠪᠦᠷᠢᠯᠡᠵᠦ᠂ | ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠳ ︽ᠡᠷᠲᠡᠣᠷᠣᠢ ᠶᠢᠨ | ᠴᠠᠭ ᠢᠶᠠᠨ ᠤᠶᠠᠨ ᠬᠠᠲᠠᠨ ᠢᠶᠠᠷ ᠲᠣᠬᠢᠷᠠᠭᠤᠯᠤᠨ ᠠᠵᠢᠯᠯᠠᠬᠤ︾ ︽ᠦᠳᠡ ᠳᠤ ᠲᠠᠰᠤᠯᠳᠠᠭᠤᠯᠬᠤ ᠦᠭᠡᠢ︾ ︽ | ᠭᠠᠷᠠᠭ ᠤᠨ ᠰᠡᠭᠦᠯᠴᠢ ᠳᠤ ᠠᠮᠠᠷᠠᠬᠤ ᠦᠭᠡᠢ︾ ᠵᠡᠷᠭᠡ ᠬᠠᠮᠢᠶ᠎ᠠ ᠪᠦᠬᠦᠢ ᠦᠢᠯᠡᠴᠢᠯᠡᠬᠦ ᠴᠠᠭ ᠢᠶᠠᠨ ᠤᠷᠲᠤᠳᠬᠠᠭᠰᠠᠨ | ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠂ ᠠᠵᠤ ᠠᠬᠤᠶᠢᠯᠠᠯ ᠪᠠ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃365网络科技_bat365在线登录_注册送365元可提款 | ᠭᠤᠷᠪᠠ᠂ ᠬᠠᠮᠢᠭ᠎ᠠ ᠬᠠᠮᠢᠭ᠎ᠠ ᠦᠢᠯᠡᠴᠢᠯᠡᠬᠦ ᠴᠠᠭ ᠢᠶᠠᠨ ᠤᠷᠲᠤᠳᠬᠠᠬᠤ ᠪᠤᠢ︖ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠠᠵᠤ ᠠᠬᠤᠶᠢᠯᠠᠯ | ᠪᠠ ᠣᠯᠠᠨ ᠲᠦᠮᠡᠨ ᠳᠤ ᠦᠢᠯᠡᠴᠢᠯᠡᠬᠦ ᠴᠠᠭ ᠢᠶᠠᠨ ᠤᠷᠲᠤᠳᠬᠠᠨ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ | ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ | ᠵᠢᠴᠢ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠴᠢᠯᠡᠬᠦ | ᠴᠠᠭ ᠢᠶᠠᠨ ᠤᠷᠲᠤᠳᠬᠠᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ᠂ ᠬᠤᠪᠢᠶᠠᠷᠢ ᠲᠥᠪ ᠨᠢ 2022 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ᠂ ᠦᠢᠯᠡᠴᠢᠯᠡᠬᠦ | ᠴᠠᠭ ᠵᠶ᠋ᠠᠨᠤᠷᠲᠤᠳᠬᠠᠨᠠ᠃ ᠨᠢᠭᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ | ᠬᠤᠪᠢᠶᠠᠷᠢ ᠲᠥᠪ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠴᠣᠩᠬᠤᠪᠴᠢ ᠨᠢ ᠭᠠᠷᠠᠭ ᠤᠨ ᠵᠢᠷᠭᠤᠭᠠᠨ᠂ | ᠭᠠᠷᠠᠭ ᠤᠨ ᠡᠳᠦᠷ ᠪᠦᠷᠢ ᠶᠢᠨ 9᠄ 00 - 12᠄ 00 ᠴᠠᠭ ᠪᠣᠯᠲᠠᠯ᠎ᠠ ᠭᠥᠯᠢᠶᠡᠨ ᠠᠪᠴᠤ ᠰᠢᠢᠳᠪᠦᠷᠢᠯᠡᠵᠦ ᠪᠣᠯᠬᠤ | ᠵᠦᠢᠯᠡᠰ ᠢ ᠦᠢᠯᠡᠴᠢᠯᠡᠬᠦ ᠴᠠᠭ ᠢᠶᠠᠨ ᠤᠷᠲᠤᠳᠬᠠᠨ ᠭᠦᠢᠴᠡᠳᠬᠡᠨ᠎ᠡ ︵ᠡᠯ᠎ᠡ ᠭᠠᠵᠠᠷ ᠣᠷᠣᠨ ᠨᠤᠭᠤᠳ ᠪᠣᠳᠠᠲᠠᠢ | ᠪᠠᠶᠢᠳᠠᠯ ᠵᠶ᠋ᠠᠨᠦᠨᠳᠦᠰᠦᠯᠡᠨ ᠦᠢᠯᠡᠴᠢᠯᠡᠭᠡᠨ ᠤ ᠴᠠᠭ ᠢᠶᠠᠨ ᠤᠷᠲᠤᠳᠬᠠᠨ᠎ᠠ︶᠃ ᠬᠤᠶᠠᠷ ᠲᠤ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠬᠠᠤᠯᠢ ᠪᠠᠷ ᠲᠣᠭᠲᠠᠭᠠᠭᠰᠠᠨ ᠠᠵᠢᠯᠯᠠᠬᠤ | ᠡᠳᠦᠷ ᠲᠤ᠂ ᠦᠢᠯᠡᠴᠢᠯᠡᠭᠦᠯᠬᠦ ᠬᠥᠮᠥᠰ ᠰᠢᠢᠳᠪᠦᠷᠢᠯᠡᠵᠦ ᠳᠠᠭᠤᠰᠤᠭᠠᠳᠤᠢ ᠵᠦᠢᠯᠡᠰ ᠢ ᠶᠠᠭ ᠭᠦᠢᠴᠡᠳᠬᠡᠵᠦ ᠪᠠᠶᠢᠭ᠎ᠠ | ᠦᠶ᠎ᠡ ᠳᠤ᠂ ᠦᠢᠯᠡᠴᠢᠯᠡᠭᠡᠨ ᠤ ᠠᠵᠢᠯᠲᠠᠨ ᠰᠠᠨᠠᠭᠠᠴᠢᠯᠠᠭ᠎ᠠ ᠠᠴᠠ ᠪᠠᠨ ᠴᠠᠭ ᠢᠶᠠᠨ ᠤᠷᠲᠤᠳᠬᠠᠨ ᠭᠦᠢᠴᠡᠳᠬᠡᠵᠦ | ᠳᠠᠭᠤᠰᠲᠠᠯᠠᠦᠢᠯᠡᠴᠢᠯᠡᠨᠡ᠃ ᠭᠤᠷᠪᠠ ᠳᠤ᠂ ᠦᠨᠡᠬᠡᠷ ᠣᠬᠤᠷ ᠬᠤᠭᠤᠴᠠᠭᠠᠨ ᠤ ᠳᠣᠲᠣᠷ᠎ᠠ ᠲᠥᠪᠯᠡᠷᠡᠭᠦᠯᠦᠨ | ᠰᠢᠢᠳᠪᠦᠷᠢᠯᠡᠬᠦ ᠴᠢᠬᠤᠯᠠᠲᠠᠢ ᠵᠠᠰᠠᠭ ᠤᠨ ᠶᠠᠪᠤᠳᠠᠯ ᠤᠨ ᠦᠢᠯᠡᠴᠢᠯᠡᠬᠦ ᠵᠦᠢᠯᠡᠰ ᠲᠤ᠂ ᠡᠯ᠎ᠡ ᠱᠠᠲᠤᠨ ᠤ ᠵᠠᠰᠠᠭ ᠤᠨ | ᠶᠠᠪᠤᠳᠠᠯ ᠤᠨᠦᠢᠯᠡᠴᠢᠯᠡᠭᠡᠨ ᠤ ᠲᠥᠪ ᠨᠢ ᠪᠠᠶᠢᠳᠠᠯ ᠢ ᠦᠨᠳᠦᠰᠦᠯᠡᠨ ᠬᠠᠤᠯᠢ ᠪᠠᠷ ᠲᠣᠭᠲᠠᠭᠠᠭᠰᠠᠨ ᠠᠵᠢᠯᠯᠠᠬᠤ | ᠡᠳᠦᠷ ᠤᠨ ᠣᠷᠣᠢ ᠶᠢᠨ ᠴᠠᠭ ᠪᠠ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ | ᠦᠢᠯᠡᠴᠢᠯᠡᠨ᠎ᠡ᠃ ᠳᠥᠷᠪᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ | ᠲᠥᠪ ᠨᠢ 24 ᠴᠠᠭ ᠤᠨ ᠠᠦ᠋ᠲ᠋ᠣ᠋ ᠦᠢᠯᠡᠴᠢᠯᠡᠭᠡ ᠬᠠᠩᠭᠠᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠤᠳ ᠲᠤ ᠪᠣᠯᠵᠣᠬᠤ ᠦᠢᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠭᠦᠢᠴᠡᠳᠬᠡᠬᠦ | ᠵᠦᠢᠯᠡᠰ ᠲᠤ ᠴᠠᠭ ᠢᠶᠠᠨ ᠤᠷᠲᠤᠳᠬᠠᠨ ᠦᠢᠯᠡᠴᠢᠯᠡᠨ᠎ᠡ᠃ | ᠳᠥᠷᠪᠡ᠂ ᠶᠠᠮᠠᠷ ᠶᠠᠮᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠦᠢᠯᠡᠴᠢᠯᠡᠬᠦ ᠴᠠᠭ ᠢ | ᠤᠷᠲᠤᠳᠬᠠᠵᠤ ᠪᠣᠯᠬᠤ ᠪᠣᠶ︖ | ᠭᠤᠣᠯᠳᠠᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ | ᠳᠠᠭᠠᠳᠬᠠᠯ᠂ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ | ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠪᠠᠭᠲᠠᠭᠠᠨ᠎ᠠ | ᠲᠠᠪᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ | ᠤᠷᠲᠤᠳᠬᠠᠬᠤ ᠠᠵᠢᠯ ᠢ ᠬᠡᠷᠬᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠤᠢ︖ | ᠨᠢᠭᠡ ᠳᠤ᠂ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃ ᠡᠯ᠎ᠡ ᠭᠠᠵᠠᠷ ᠣᠷᠣᠨ ᠨᠤᠭᠤᠳ ︽ᠲᠥᠰᠥᠯ︾ | ᠢᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠦᠢᠯᠡᠴᠢᠯᠡᠬᠦ | ᠴᠠᠭ ᠢᠶᠠᠨ ᠤᠷᠲᠤᠳᠬᠠᠬᠤ ᠶᠢ ᠬᠡᠷᠡᠭᠵᠢᠭᠦᠯᠬᠦ ᠲᠥᠰᠥᠯ ᠲᠣᠭᠲᠠᠭᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠪᠣᠳᠠᠲᠠᠢ ᠪᠠᠨ ᠦᠨᠳᠦᠰᠦᠯᠡᠨ᠂ ᠠᠵᠢᠯ ᠶᠠᠪᠤᠳᠠᠯ ᠭᠦᠢᠴᠡᠳᠬᠡᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠦᠢᠯᠡᠴᠢᠯᠡᠬᠦ ᠴᠠᠭ ᠢ ᠤᠷᠲᠤᠳᠬᠠᠭᠰᠠᠨ ᠴᠣᠩᠬᠤᠪᠴᠢ ᠶᠢ ᠵᠦᠢ | ᠵᠣᠬᠢᠰᠲᠠᠢ ᠪᠠᠷ ᠨᠡᠭᠡᠭᠡᠬᠦ ᠶᠢ ᠲᠣᠳᠣᠷᠬᠠᠶᠢᠯᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶ᠎ᠡ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠲᠤ ᠰᠦᠯᠵᠢᠶᠡᠨ ᠳᠡᠭᠡᠷ᠎ᠡ ︽ᠦᠢᠯᠡᠴᠢᠯᠡᠬᠦ | ᠴᠠᠭ ᠢᠶᠠᠨ ᠤᠷᠲᠤᠳᠬᠠᠬᠤ︾ ᠲᠤᠰᠬᠠᠢ ᠪᠣᠯᠤᠩ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ | ᠬᠠᠨᠳᠤᠭᠤᠯᠤᠭᠰᠠᠨ ᠦᠢᠯᠡᠴᠢᠯᠡᠬᠦ ᠴᠠᠭ ᠢᠶᠠᠨ ᠤᠷᠲᠤᠳᠬᠠᠬᠤ ᠵᠦᠢᠯᠡᠰ ᠤᠨ ᠨᠠᠷᠢᠨ ᠬᠠᠭᠤᠳᠠᠰᠤ᠂ ᠦᠢᠯᠡᠴᠢᠯᠡᠭᠡ | ᠪᠣᠯᠵᠣᠬᠤ ᠤᠲᠠᠰᠤ᠂ ᠠᠰᠠᠭᠤᠨ ᠯᠠᠪᠯᠠᠬᠤ ᠤᠲᠠᠰᠤ ᠶᠢᠨ ᠨᠢᠭᠡᠳᠦᠯᠲᠡᠢ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ | ᠬᠠᠩᠭᠠᠬᠤ ᠪᠠᠨ ᠲᠣᠳᠣᠷᠬᠠᠶᠢᠯᠠᠨ᠎ᠠ᠃ ᠬᠤᠶᠠᠷ ᠲᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ | ᠪᠣᠯᠭᠠᠵᠠᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠲᠣᠰ | ᠱᠠᠲᠤᠨ ᠤ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠰᠠᠯᠠᠭ᠎ᠠ ᠮᠥᠴᠢᠷ ᠤᠳ ᠢ ᠵᠣᠬᠢᠴᠠᠭᠤᠯᠵᠤ ᠪᠠᠶᠢᠭᠠᠳ | ᠦᠢᠯᠡᠴᠢᠯᠡᠬᠦ ᠴᠠᠭ ᠢᠶᠠᠨ ᠤᠷᠲᠤᠳᠬᠠᠬᠤ ᠦᠢᠯᠡᠴᠢᠯᠡᠭᠡᠨ ᠤ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠦᠢᠯᠡᠴᠢᠯᠡᠭᠡᠨ ᠤ ᠡᠭᠡᠯᠵᠢ ᠶᠢ ᠵᠦᠢ ᠵᠣᠬᠢᠰᠲᠠᠢ ᠲᠣᠬᠢᠷᠠᠭᠤᠯᠤᠨ᠂ ᠠᠵᠢᠯ ᠳᠤ ᠪᠠᠨ ᠢᠷᠡᠬᠦ ᠶᠢ | ᠲᠡᠮᠳᠡᠭᠯᠡᠬᠦ ᠳᠦᠷᠢᠮ ᠢ ᠴᠢᠩᠭᠠᠷᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠢᠯᠡᠴᠢᠯᠡᠭᠡᠨ ᠤ | ᠵᠢᠵᠢᠭᠦᠷᠴᠢᠳ ᠤᠨ ᠡᠭᠡᠯᠵᠢᠯᠡᠨ ᠠᠮᠠᠷᠠᠬᠤ ᠨᠥᠬᠦᠵᠦ ᠠᠮᠠᠷᠠᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ ᠢ | ᠨᠠᠶᠢᠳᠠᠪᠤᠷᠢᠵᠢᠭᠤᠯᠤᠨ᠂ ᠠᠵᠢᠯᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠴᠠᠭ ᠢᠶᠠᠨ ᠤᠷᠲᠤᠳᠬᠠᠨ | ᠦᠢᠯᠡᠴᠢᠯᠡᠬᠦ ᠳᠤ ᠣᠷᠤᠯᠴᠠᠬᠤ ᠠᠵᠢᠯᠲᠠᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠎ᠠ᠃ | ᠵᠢᠯᠤᠭᠤᠳᠬᠤ ᠪᠠ ᠬᠢᠨᠠᠯᠲᠠ ᠲᠠᠯᠪᠢᠨ ᠬᠢᠨᠠᠨ ᠰᠢᠯᠭᠠᠬᠤ ᠶᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠲᠦᠰᠢᠭᠯᠡᠨ ᠦᠢᠯᠡᠴᠢᠯᠡᠬᠦ ᠴᠠᠭ ᠢᠶᠠᠨ | ᠤᠷᠲᠤᠳᠬᠠᠬᠤ ᠠᠵᠢᠯ ᠢ ᠳᠡᠯᠭᠡᠷᠡᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠳ ᠢ ᠴᠤᠭᠯᠠᠭᠤᠯᠤᠨ᠂ | ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠨ᠎ᠡ᠃ ᠦᠢᠯᠡᠴᠢᠯᠡᠬᠦ ᠴᠠᠭ ᠢᠶᠠᠨ | ᠤᠷᠲᠤᠳᠬᠠᠬᠤ ᠠᠵᠢᠯ ᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠣᠨ ᠤ | ᠰᠢᠯᠭᠠᠯᠲᠠ ᠳᠤ ᠣᠷᠣᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠎ᠠ᠃ | ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠰᠣᠨᠢᠨ ᠰᠡᠳᠬᠦᠯ᠂ ᠷᠠᠳᠢᠣ᠋ ᠲᠧᠯᠸᠢᠰ᠂ ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ | ᠳᠠᠮᠵᠢᠭᠤᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠪᠠ ᠰᠣᠨᠢᠨ ᠮᠡᠳᠡᠭᠡ ᠮᠡᠳᠡᠭᠡᠯᠡᠯ ᠢ ᠴᠠᠭ ᠲᠤᠬᠠᠢ ᠳᠤ ᠨᠢ | ᠣᠨᠣᠪᠴᠢᠲᠠᠶ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠠᠷᠠᠳ ᠲᠦᠮᠡᠨ ᠳᠤ ᠣᠶᠢᠯᠠᠭᠠᠭᠤᠯᠬᠤ ᠬᠡᠮᠵᠢᠶ᠎ᠡ ᠶᠢ | ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ |