ᠡᠷᠢᠶᠡᠨ ᠬᠤᠳᠠ ᠶᠢᠨ ᠶᠡᠷᠦᠩᠬᠡᠶᠢᠯᠬᠠᠰᠡᠨ ᠷᠠᠳᠢᠣ᠋ ᠶᠢᠨ ᠰᠤᠷᠪᠤᠯᠵᠢᠯᠠᠭᠴᠢ ᠪᠦᠷᠢᠩᠭᠤᠸ᠎ᠠ ᠶᠢᠨ ᠮᠡᠳᠡᠭᠡᠯᠡᠭᠰᠡᠨ 365网络科技_bat365在线登录_注册送365元可提款 | ᠢᠶᠠᠷ᠄ | | ᠡᠷᠢᠶᠡᠨ ᠬᠤᠲᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ ᠬᠢᠵᠢᠭ ᠤᠨ ᠪᠠᠶᠢᠳᠠᠯ ᠢ | ᠰᠢᠢᠳᠪᠦᠷᠢᠯᠡᠭᠰᠡᠨ᠂ ᠡᠪᠡᠳᠴᠢᠲᠡᠨ ᠢ ᠡᠮᠴᠢᠯᠡᠭᠰᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠪᠠᠶᠢᠳᠠᠯ ᠢ | ᠨᠡᠶᠢᠳᠡᠯᠡᠭᠰᠡᠨ | | 8 ᠰᠠᠷ᠎ᠠ ᠶᠢᠨ 8 ᠤ ᠡᠳᠦᠷ᠂ ᠡᠷᠢᠶᠡᠨ ᠬᠤᠲᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠬᠤᠶᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠦ ᠂ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ᠂ ᠡᠪᠡᠳᠴᠢᠲᠡᠨ ᠢ ᠡᠮᠴᠢᠯᠡᠭᠰᠡᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠪᠠᠶᠢᠳᠠᠯ ᠢ ᠵᠠᠷᠯᠠᠨ ᠨᠡᠶᠢᠳᠡᠯᠡᠪᠡ ᠃ ᠡᠷᠢᠶᠡᠨ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ᠂ | ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠵᠢᠴᠢ ᠬᠠᠮᠢᠶ᠎ᠠ ᠪᠦᠬᠦᠢ ᠬᠥᠮᠥᠰ ᠰᠣᠨᠢᠨ ᠮᠡᠳᠡᠭᠡ ᠨᠡᠶᠢᠳᠡᠯᠡᠬᠦ | ᠬᠤᠷᠠᠯ ᠳᠤ ᠤᠷᠤᠯᠴᠠᠵᠠᠢ᠃ | ᠮᠡᠳᠡᠭᠳᠡᠯ ᠢ ᠦᠨᠳᠦᠰᠦᠯᠡᠪᠡᠯ᠂ 8 ᠰᠠᠷ᠎ᠠ ᠶᠢᠨ 7 ᠤ ᠡᠳᠦᠷ ᠤᠨ 0 ︱ 24 ᠴᠠᠭ ᠪᠤᠯᠳᠠᠯ᠎ᠠ᠂ | ᠡᠷᠢᠶᠡᠨ ᠬᠤᠲᠠ ᠳᠤ ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ 3 ᠨᠡᠮᠡᠭᠳᠡᠵᠦ᠂ 8 ᠰᠠᠷ᠎ᠠ ᠶᠢᠨ 7 ᠤ | ᠡᠳᠦᠷ ᠤᠨ 24 ᠴᠠᠭ ᠪᠣᠯᠲᠠᠯ᠎ᠠ ᠂ ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ 30 ᠪᠠᠶᠢᠵᠤ᠂ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠰᠠᠳ 20 ᠪᠠᠶᠢᠵᠤ᠂ ᠤᠨᠤᠰᠢᠯᠬᠠᠳ᠋ᠬᠠᠰᠡᠨ ᠡᠪᠡᠳᠴᠢᠳᠡᠨ ᠢ ᠲᠣᠭᠲᠠᠮᠠᠯ ᠡᠮᠨᠡᠯᠭᠡ ᠶᠢᠨ | ᠬᠤᠷᠢᠶᠠᠨ ᠳᠤ ᠲᠤᠰᠠᠭᠠᠷᠯᠠᠨ ᠡᠮᠨᠡᠵᠦ ᠂ ᠡᠪᠡᠳᠴᠢᠳᠡᠨ ᠤ ᠪᠠᠶᠢᠳᠠᠯ ᠲᠣᠭᠲᠠᠪᠤᠷᠢᠲᠠᠢ ᠪᠠᠶᠢᠨ᠎ᠠ᠃ 8 | ᠰᠠᠷ᠎ᠠ ᠶᠢᠨ 8 ᠤ ᠡᠳᠦᠷ ᠤᠨ 12 ᠴᠠᠭ ᠪᠣᠯᠲᠠᠯ᠎ᠠ᠂ ᠡᠷᠢᠶᠡᠨ ᠬᠤᠲᠠ 5 ᠦᠨᠳᠤᠷ ᠡᠷᠡᠰᠳᠡᠯ ᠲᠠᠢ ᠲᠤᠭᠤᠷᠢᠭ᠂ | 14 ᠲᠤᠮᠳᠠ ᠡᠷᠡᠰᠳᠡᠯ ᠲᠠᠢ ᠲᠤᠭᠤᠷᠢᠭ ᠂ ᠪᠤᠰᠤᠳ ᠲᠤᠭᠤᠷᠢᠭ ᠢ ᠲᠤᠤᠷ᠎ᠠ ᠡᠷᠡᠰᠳᠡᠯ ᠲᠠᠢ ᠤᠷᠤᠨ ᠢᠶᠠᠷ | ᠲᠤᠠᠠᠳᠠᠭᠠᠵᠠᠢ ᠃ | ᠣᠳᠣᠬᠠᠨ ᠳᠤ᠂ ᠤᠨᠤᠰᠢᠯᠬᠠᠳ᠋ᠬᠠᠰᠡᠨ ᠡᠪᠡᠳᠴᠢᠲᠡᠨ ᠢ ᠴᠢᠩᠭᠡᠯᠢᠭ ᠡᠮᠨᠡᠯᠭᠡ ᠶᠢᠨ ᠬᠤᠷᠢᠶᠠᠨ ᠳᠤ | ᠲᠦᠪᠯᠡᠷᠡᠭᠦᠯᠦᠨ ᠲᠤᠰᠠᠭᠠᠷᠯᠠᠨ ᠡᠮᠨᠡᠵᠦ ᠪᠠᠶᠢᠬᠤ ᠶᠢᠨ ᠬᠠᠮᠳᠦ ᠂ ᠬᠠᠯᠳᠠᠪᠤᠷᠢᠲᠤ ᠡᠪᠡᠳᠴᠢᠨ ᠤ ᠥᠷᠥᠭᠡ ᠶᠢᠨ | ᠡᠪᠡᠳᠴᠢᠳᠡᠨ᠂ ᠲᠣᠨᠤᠭ ᠲᠥᠬᠦᠭᠡᠷᠦᠮᠵᠢ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ | ᠬᠢᠵᠦ᠂ ᠴᠢᠩᠭᠡᠯᠢᠭ ᠡᠮᠨᠡᠯᠭᠡ ᠶᠢᠨ ᠬᠤᠷᠢᠶᠠᠨ ᠳᠤ ᠡᠮᠴᠢᠯᠡᠭᠡ ᠬᠢᠯᠭᠡᠬᠦ ᠳᠤ ᠬᠦᠴᠢᠷᠳᠠᠢ ᠪᠠᠶᠢᠭ᠎ᠠ ᠡᠪᠡᠳᠴᠢᠲᠡᠨ ᠢ | ᠰᠢᠯᠵᠢᠭᠦᠯᠦᠨ ᠡᠮᠴᠢᠯᠡᠬᠦ ᠠᠵᠢᠯ ᠢ ᠰᠠᠶᠢᠲᠤᠷ ᠬᠢᠵᠦ ᠪᠠᠶᠢᠨ᠎ᠠ᠃ | ᠡᠮᠴᠢᠯᠡᠭᠡᠨ ᠤ ᠲᠤᠭᠤᠶᠢᠯᠡᠩ ᠨᠢ ᠰᠢᠯᠢ ᠶᠢᠨ ᠭᠤᠣᠯ ᠠᠶᠢᠮᠠᠭ ᠤᠨ ᠬᠠᠯᠳᠠᠪᠦᠷᠢᠳᠦ ᠡᠪᠡᠳᠴᠢᠨ ᠤ | ᠰᠠᠯᠠᠭ᠎ᠠ᠂ ᠳᠣᠲᠣᠷ ᠰᠠᠯᠠᠭ᠎ᠠ᠂ ᠬᠡᠦᠬᠡᠳ ᠤᠨ ᠰᠠᠯᠠᠭ᠎ᠠ᠂ ᠡᠮᠡᠭᠲᠡᠢ ᠶᠢᠨ ᠰᠠᠯᠠᠭ᠎ᠠ᠂ ᠠᠮᠢᠰᠬᠤᠯ ᠤᠨ ᠵᠠᠮ ᠤᠨ ᠰᠠᠯᠠᠭ᠎ᠠ | ᠂ ᠭᠠᠳᠠᠷ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ ᠵᠡᠷᠭᠡ ᠰᠠᠯᠠᠭᠠᠨ ᠤ ᠲᠤᠰᠬᠠᠢ ᠮᠡᠷᠭᠡᠵᠢᠯᠲᠡᠨ ᠢᠶᠠᠷ | ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠲᠠᠢ ᠠᠯᠤᠰ ᠠᠴᠠ ᠬᠠᠮᠲᠤᠷᠠᠨ | ᠣᠨᠣᠰᠢᠯᠠᠬᠤ ᠳᠦᠷᠢᠮ ᠢ ᠪᠠᠶᠢᠭᠤᠯᠵᠠᠢ᠃ ᠤᠷᠴᠢᠮ ᠤᠨ ᠡᠳᠤᠷ ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠲᠤᠰᠬᠠᠢ ᠮᠡᠷᠭᠡᠵᠢᠯᠲᠡᠨ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠴᠤ᠂ ᠡᠪᠡᠳᠴᠢᠲᠡᠨ ᠳᠤ | ᠴᠢᠭᠯᠡᠭᠦᠯᠦᠨ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠠᠠᠰᠡᠨ ᠲᠤᠰᠭᠠᠷᠴᠢᠯᠬᠠᠰᠡᠨ ᠡᠮᠴᠢᠯᠡᠭᠡ ᠬᠢᠵᠠᠢ᠃ | ᠰᠤᠷᠪᠤᠯᠵᠢᠯᠠᠭ᠎ᠠ᠄ ᠡᠷᠢᠶᠡᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠳᠡᠳ᠋ ᠡᠷᠬᠢᠯᠡᠭᠴᠢ ᠨᠢᠶᠧ ᠹᠠᠩ᠄ | ᠡᠮᠴᠢᠯᠡᠭᠡ ᠳᠤᠮᠳᠠ᠂ ᠡᠮᠴᠢ ᠰᠤᠪᠢᠯᠠᠭᠴᠢᠳ ᠡᠪᠡᠳᠴᠢᠲᠡᠨ ᠨᠢᠭᠡᠪᠦᠷᠢ ᠶᠢᠨ ᠡᠪᠡᠳᠴᠢᠨ ᠤ ᠪᠠᠶᠢᠳᠠᠯ ᠢ | ᠨᠢᠭᠲᠠ ᠠᠵᠢᠭᠯᠠᠵᠤ᠂ ᠴᠠᠭ ᠲᠤᠬᠠᠢ ᠳᠤᠨᠢ ᠡᠮᠴᠢᠯᠡᠭᠡᠨ ᠤ ᠲᠥᠰᠥᠯ ᠂ ᠰᠡᠳᠬᠢᠴᠡ ᠶᠢᠨ ᠵᠢᠯᠣᠭᠤᠳᠤᠯᠭ᠎ᠠ ᠬᠢᠵᠦ | ᠪᠠᠶᠢᠨ᠎ᠠ ᠃ ᠤᠳᠠᠭᠠᠨ ᠴᠢᠨᠠᠷᠳᠠᠢ ᠡᠪᠡᠳᠴᠢᠲᠡᠨ ᠳᠤ ᠣᠨᠴᠠᠭᠠᠶ ᠬᠠᠷᠠᠭᠠᠯᠵᠠᠯ ᠬᠦᠷᠳᠡᠭᠡᠵᠦ᠂ ᠨᠢᠯᠬ᠎ᠠ ᠬᠡᠦᠬᠡᠳ | ᠲᠤ ᠰᠢᠮ᠎ᠡ ᠲᠡᠵᠢᠭᠡᠯᠲᠦ ᠬᠤᠭᠤᠯᠠ ᠪᠠ ᠨᠠᠭᠠᠳᠤᠮ ᠤᠨ ᠵᠦᠢᠯ ᠂ ᠨᠣᠮ ᠪᠢᠴᠢᠭ ᠵᠡᠷᠭᠡ ᠶᠢ ᠬᠠᠩᠭᠠᠵᠦ ᠂ | ᠤᠨᠤᠰᠢᠯᠬᠠᠳ᠋ᠬᠠᠰᠡᠨ ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠪᠠᠳᠤᠯᠠᠵᠠᠢ ᠃ ᠣᠳᠣᠬᠠᠨ ᠳᠤ | ᠤᠨᠤᠰᠢᠯᠬᠠᠳ᠋ᠬᠠᠰᠡᠨ ᠡᠪᠡᠳᠴᠢᠳᠡᠨ ᠤ ᠪᠠᠶᠢᠳᠠᠯ ᠲᠣᠭᠲᠠᠪᠤᠷᠢᠲᠠᠢ ᠪᠠᠶᠢᠨ᠎ᠠ᠃ | ᠬᠢᠵᠢᠭ ᠤᠨ ᠬᠤᠭᠤᠴᠠᠭᠠᠨ ᠳᠤ᠂ ᠡᠷᠢᠶᠡᠨ ᠬᠤᠳᠠ ᠶᠢᠨ ᠵᠠᠰᠠᠭ ᠤᠨ ᠶᠠᠪᠤᠳᠠᠯ ᠤᠨ ᠲᠤᠬᠠᠶᠢᠯᠠᠭᠰᠠᠨ | ᠠᠵᠢᠯ ᠢ ᠭᠦᠢᠴᠡᠳᠬᠡᠬᠦ ᠪᠤᠯ ᠣᠯᠠᠨ ᠤ ᠠᠩᠬᠠᠷᠤᠯ ᠲᠠᠯᠪᠢᠵᠤ ᠪᠠᠶᠢᠭ᠎ᠠ ᠠᠷᠠᠳ ᠤᠨ ᠠᠮᠢᠳᠤᠷᠠᠯ ᠤᠨ ᠠᠵᠢᠯ | ᠶᠠᠪᠤᠳᠠᠯ ᠪᠤᠯᠬᠤᠷ᠂ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠡᠷᠢᠶᠡᠨ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠬᠠᠪᠰᠤᠷᠤᠨ | ᠭᠦᠢᠴᠡᠳᠬᠡᠬᠦ︾ ᠵᠡᠷᠭᠡ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠵᠢᠯ ᠶᠠᠪᠤᠳᠠᠯ ᠢᠶᠠᠨ | ᠭᠦᠢᠴᠡᠳᠬᠡᠬᠦ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠪᠠᠳᠤᠯᠠᠵᠠᠢ ᠃ | ᠰᠤᠷᠪᠤᠯᠵᠢᠯᠠᠭ᠎ᠠ᠄ | ᠡᠷᠢᠶᠡᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠳᠠᠷᠤᠭ᠎ᠠ ᠫᠠᠩ | ᠵᠢᠶᠦ᠋ᠨ ᠴᠢᠩ ᠄ | ᠣᠲᠣ ᠪᠣᠯᠲᠠᠯ᠎ᠠ᠂ ᠤᠳᠠᠰᠤ᠂ ᠸᠢᠴᠠᠲ ᠤᠨ ᠯᠠᠪᠯᠠᠯᠲᠠ ᠪᠠᠷ ᠳᠡᠮᠵᠢᠨ᠂ ᠣᠯᠠᠨ ᠲᠦᠮᠡᠨ ᠢ ᠵᠢᠯᠣᠭᠤᠳᠤᠨ | ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠲᠡᠭᠡᠷ᠎ᠡ ᠭᠦᠢᠴᠡᠳᠬᠡᠵᠦ᠂ ᠵᠢᠱᠢᠶᠡᠯᠡᠪᠡᠯ ᠭᠠᠶᠢᠯᠢ | ᠲᠤᠰᠢᠶᠠᠭᠴᠢ ᠶᠢᠨ ᠡᠷᠡᠮᠡᠯᠵᠢᠯᠡᠯ ᠢ ᠬᠤᠶᠢᠰᠢᠯᠠᠭᠤᠯᠬᠤ᠂ ᠭᠠᠶᠢᠯᠢ ᠶᠢᠨ ᠶᠠᠪᠤᠳᠠᠯ ᠢ ᠮᠡᠳᠡᠭᠦᠯᠬᠦ᠂ ᠠᠵᠢᠯᠲᠠᠨ | ᠠᠵᠢᠯᠴᠢᠨ ᠤ ᠳᠠᠭᠠᠳᠬᠠᠯ ᠳᠤ ᠤᠷᠤᠬᠤ ᠵᠡᠷᠭᠡ 130 ᠭᠠᠷᠤᠢ ᠵᠦᠢᠯ ᠤᠨ ᠠᠵᠢᠯ ᠶᠠᠪᠤᠳᠠᠯ ᠢ ᠭᠦᠢᠴᠡᠳᠬᠡᠵᠡᠢ᠃ | ᠲᠠᠷᠠᠭᠠᠴᠢ ᠶᠢᠨ ᠠᠯᠬᠤᠮ ᠳᠤ ᠬᠤᠲᠠ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠨᠢ ᠡᠯ᠎ᠡ ᠬᠠᠮᠢᠶᠠᠳᠠᠢ | ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶ᠎ᠡ ᠪᠠᠷ ᠬᠦᠢᠴᠡᠳᠬᠡᠬᠦ ᠤᠶᠢᠯᠡᠴᠢᠯᠭᠡ ᠭᠠᠷᠭᠠᠵᠤ᠂ ᠰᠠᠭᠤᠭᠠᠯᠢ | ᠠᠷᠠᠳ ᠤᠨ ᠡᠷᠢᠶᠡᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠬᠡᠷᠡᠭᠯᠡᠬᠦ ᠶᠢ | ᠵᠢᠯᠤᠭᠤᠳᠤᠨ᠂ ︽ ᠮᠸᠡᠩ ᠰᠦ᠋ ᠤᠶᠢᠯᠡᠴᠢᠯᠭᠡ︾ ᠪᠠᠷ ᠲᠤᠬᠠᠶᠢᠯᠠᠭᠰᠠᠨ ᠠᠵᠢᠯ ᠢ ᠭᠦᠢᠴᠡᠳᠬᠡᠬᠦ ᠢ | ᠭᠡᠷᠡᠭᠵᠢᠭᠦᠯᠦᠨ᠎ᠡ᠃ | |