ᠡᠷᠢᠶᠡᠨ ᠬᠤᠳᠠ ᠶᠢᠨ ᠶᠡᠷᠦᠩᠬᠡᠶᠢᠯᠬᠠᠰᠡᠨ ᠷᠠᠳᠢᠣ᠋ ᠶᠢᠨ ᠰᠤᠷᠪᠤᠯᠵᠢᠯᠠᠭᠴᠢ ᠪᠦᠷᠢᠩᠭᠤᠸ᠎ᠠ ᠶᠢᠨ ᠮᠡᠳᠡᠭᠡᠯᠡᠭᠰᠡᠨ | ᠢᠶᠠᠷ᠄ | | ᠡᠷᠢᠶᠡᠨ ᠬᠤᠳᠠ ᠠᠷᠪᠠᠨ ᠨᠠᠢᠮᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ | ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠠᠬᠢᠴᠠ ᠶᠢ ᠨᠡᠶᠢᠳᠡᠯᠡᠭᠰᠡᠨ | | 8 ᠰᠠᠷ᠎ᠠ ᠶᠢᠨ 4 ᠤ ᠡᠳᠦᠷ᠂ ᠡᠷᠢᠶᠡᠨ ᠬᠤᠲᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠪᠠᠨ ᠨᠠᠢᠮᠠᠳᠤᠭᠠᠷ ᠤᠳᠠᠭᠠᠨ ᠤ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠠᠬᠢᠴᠠ ᠶᠢ ᠵᠠᠷᠯᠠᠨ | ᠮᠡᠳᠡᠭᠳᠡᠪᠡ᠃ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ | ᠶᠡᠷᠦᠩᠬᠡᠢ ᠵᠢᠯᠣᠭᠤᠳᠤᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠵᠠᠩ ᠶᠢᠩ ᠵᠢᠶᠧ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠠᠵᠠᠢ᠃ | ᠮᠡᠳᠡᠭᠳᠡᠯ ᠢ ᠦᠨᠳᠦᠰᠦᠯᠡᠪᠡᠯ᠂ 8 ᠰᠠᠷ᠎ᠠ ᠶᠢᠨ 3 ᠤ ᠡᠳᠦᠷ ᠤᠨ 0 ︱ 24 ᠴᠠᠭ ᠪᠤᠯᠳᠠᠯ᠎ᠠ᠂ | ᠮᠠᠨ ᠤ ᠬᠤᠲᠠ ᠶᠢᠨ ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ 2 ᠨᠡᠮᠡᠭᠳᠡᠵᠦ᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ 4 ᠨᠡᠮᠡᠭᠳᠡᠵᠠᠢ᠃ 8 ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠮᠠᠨ ᠤ | ᠬᠤᠲᠠ ᠶᠢᠨ ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ 18 ᠪᠠᠶᠢᠵᠤ᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ 18 ᠪᠤᠢ᠂ ᠤᠨᠤᠰᠢᠯᠬᠠᠳ᠋ᠬᠠᠰᠡᠨ ᠡᠪᠡᠳᠴᠢᠳᠡᠨ ᠢ ᠲᠣᠭᠲᠠᠮᠠᠯ ᠡᠮᠨᠡᠯᠭᠡ ᠶᠢᠨ ᠬᠤᠷᠢᠶᠠᠨ ᠳᠤ | ᠲᠤᠰᠠᠭᠠᠷᠯᠠᠨ ᠡᠮᠨᠡᠵᠦ ᠂ ᠡᠪᠡᠳᠴᠢᠳᠡᠨ ᠤ ᠪᠠᠶᠢᠳᠠᠯ ᠲᠣᠭᠲᠠᠪᠤᠷᠢᠲᠠᠢ ᠪᠠᠶᠢᠨ᠎ᠠ᠃ 8 ᠰᠠᠷ᠎ᠠ ᠶᠢᠨ 3 ᠤ | ᠡᠳᠦᠷ ᠰᠢᠨ᠎ᠡ ᠪᠠᠷ ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠢ ᠲᠥᠪᠯᠡᠷᠡᠭᠦᠯᠦᠨ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ ᠲᠠᠬᠢᠵᠦ ᠰᠢᠨ᠎ᠡ ᠪᠠᠷ | ᠨᠡᠮᠡᠭᠳᠡᠭᠰᠡᠨ ᠦᠭᠡᠢ᠃ | ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ | ᠶᠡᠷᠦᠩᠬᠡᠢ ᠵᠢᠯᠣᠭᠤᠳᠤᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠵᠠᠩ ᠶᠢᠩ ᠵᠢᠶᠧ᠄ | ᠣᠳᠣᠬᠠᠨ ᠳᠤ ᠳᠥᠷᠪᠡᠨ ᠡᠭᠡᠯᠵᠢ ᠶᠢᠨ ᠣᠷᠣᠨ ᠲᠤᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ | ᠶᠠᠪᠤᠠᠠᠳᠠᠭᠤᠯᠵᠦ᠂ 8 ᠰᠠᠷ᠎ᠠ ᠶᠢᠨ4 ᠤ ᠡᠳᠤᠷ ᠤᠨ 6 ᠴᠠᠭ ᠲᠤ ᠲᠠᠪᠤᠳᠤᠭᠠᠷ ᠡᠭᠡᠯᠵᠢ ᠶᠢᠨ ᠣᠷᠣᠨ 365网络科技_bat365在线登录_注册送365元可提款 | ᠲᠤᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠵᠦ᠂ 12 ᠴᠠᠭ ᠪᠣᠯᠲᠠᠯ᠎ᠠ᠂ 65651 | ᠬᠥᠮᠥᠨ ᠠᠴᠠ ᠦᠯᠢᠭᠡᠷ ᠡᠳ᠋ ᠠᠪᠴᠤ᠂ 63491 ᠬᠥᠮᠥᠨ ᠢ ᠰᠢᠯᠭᠠᠨ ᠪᠠᠶᠢᠴᠠᠭᠠᠵᠦ᠂ 17924 ᠬᠥᠮᠥᠨ | ᠤ ᠰᠢᠯᠭᠠᠨ ᠪᠠᠶᠢᠴᠠᠭᠠᠯᠳᠠ ᠶᠢ ᠪᠠᠶᠡᠯᠡᠭᠦᠯᠵᠦ᠂ ᠪᠦᠬᠦᠨ ᠢᠶᠠᠷ ᠢᠶᠠᠨ ᠪᠢᠯᠢᠭ ᠴᠢᠨᠠᠷᠲᠠᠢ ᠪᠠᠶᠢᠨ᠎ᠠ᠃ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ ᠮᠠᠭᠠᠳᠯᠠᠭᠰᠠᠨ ᠢᠶᠠᠷ᠂ ᠡᠷᠢᠶᠡᠨ ᠬᠤᠳᠠ ᠶᠢᠨ ᠯᠦᠩ ᠰᠢᠶᠠᠩ ᠪᠠᠷᠢᠯᠭ᠎ᠠ ᠶᠢᠨ | ᠮᠠᠲ᠋ᠧᠷᠢᠶᠠᠯ ᠤᠨ ᠵᠠᠬ᠎ᠠ ᠶᠢ ᠦᠨᠳᠤᠷ ᠡᠷᠡᠰᠳᠡᠯ ᠲᠠᠢ ᠣᠷᠣᠨ ᠲᠤᠭᠤᠷᠢᠭ ᠪᠤᠯᠭᠠᠵᠦ᠂ ᠰᠥᠨᠢᠳ ᠵᠡᠭᠡᠯᠢ ᠶᠢᠨ | ᠡᠮᠦᠨ᠎ᠡ ᠳᠥᠷᠪᠡᠨ ᠬᠥᠷᠰᠢ ᠵᠡᠷᠭᠡᠯᠡᠯ ᠲᠤᠭᠤᠷᠢᠭ ᠢ ᠲᠤᠮᠳᠠ ᠡᠷᠡᠰᠳᠡᠯ ᠲᠠᠢ ᠲᠤᠭᠤᠷᠢᠭ ᠪᠤᠯᠭᠠᠵᠠᠢ᠃ | ᠣᠳᠣᠬᠠᠨ ᠳᠤ᠂ ᠡᠷᠢᠶᠡᠨ ᠬᠤᠲᠠ 7 ᠦᠨᠳᠤᠷ ᠡᠷᠡᠰᠳᠡᠯ ᠲᠠᠢ ᠲᠤᠭᠤᠷᠢᠭ᠂ 12 ᠲᠤᠮᠳᠠ ᠡᠷᠡᠰᠳᠡᠯ ᠲᠠᠢ | ᠲᠤᠭᠤᠷᠢᠭ ᠂ ᠪᠤᠰᠤᠳ ᠲᠤᠭᠤᠷᠢᠭ ᠢ ᠲᠤᠤᠷ᠎ᠠ ᠡᠷᠡᠰᠳᠡᠯ ᠲᠠᠢ ᠤᠷᠤᠨ ᠢᠶᠠᠷ ᠲᠤᠠᠠᠳᠠᠭᠠᠵᠠᠢ ᠃ 8 ᠰᠠᠷ᠎ᠠ ᠶᠢᠨ | 4 ᠤ ᠡᠳᠦᠷ ᠤᠨ 12 ᠴᠠᠭ ᠪᠣᠯᠲᠠᠯ᠎ᠠ᠂ 1751 ᠨᠢᠠᠠᠳᠠ ᠤᠶᠢᠷᠠᠳ᠋ᠬᠠᠰᠠᠳ᠂ 1430 ᠲᠠᠮ ᠨᠢᠠᠠᠳᠠ | ᠤᠶᠢᠷᠠᠳ᠋ᠬᠠᠰᠠᠳ ᠢ ᠲᠠᠩᠰᠠᠯᠠᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠠᠢ᠃ | ᠨᠢᠭᠲᠠ ᠣᠶᠢᠷᠠᠲᠤᠭᠰᠠᠳ᠂ ᠤᠨᠤᠰᠢᠯᠬᠠᠳ᠋ᠬᠠᠰᠡᠨ ᠡᠪᠡᠳᠴᠢᠳᠡᠨ ᠵᠢᠴᠢ ᠡᠪᠡᠳᠴᠢᠨ ᠤ ᠢᠯᠡᠷᠡᠯ ᠦᠭᠡᠢ ᠪᠠᠷ | ᠬᠠᠯᠳᠠᠪᠤᠷᠢᠯᠠᠭᠰᠠᠳ ᠤᠨ ᠵᠠᠮ ᠮᠥᠷ ᠤᠨ ᠲᠤᠬᠠᠢ ᠨᠡᠶᠢᠲᠡ 54 ᠬᠤᠭᠤᠴᠠᠭᠠᠨ ᠤ ᠠᠯᠪᠠᠨ ᠵᠠᠷᠯᠠᠯ | ᠨᠠᠶᠢᠳᠡᠯᠠᠵᠠᠢ ᠃ | ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ ᠂ ᠡᠷᠢᠶᠡᠨ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠨᠡᠪᠲᠡᠷᠡᠬᠦ ᠠᠵᠢᠯ ᠢ | ᠨᠢᠭᠡᠳᠦᠯᠲᠡᠢ ᠲᠥᠯᠥᠪᠯᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ | ᠪᠠ ᠪᠣᠭᠤᠮᠲᠠ ᠪᠠᠷ ᠰᠢᠭᠤᠷᠬᠠᠢ ᠥᠩᠭᠡᠷᠡᠬᠦ ᠶᠢ ᠪᠠᠲᠤᠯᠠᠪᠠ᠃ ᠵᠠᠰᠠᠮᠠᠯ ᠵᠠᠮ ᠤᠨ ᠪᠣᠭᠤᠮᠲᠠ ᠶᠢᠨ ᠲᠠᠯ᠎ᠠ ᠪᠠᠷ᠂ | ᠨᠢᠭᠡ ᠳᠤ᠂ ᠪᠣᠭᠤᠮᠲᠠ ᠪᠠᠷ ᠰᠢᠭᠤᠷᠬᠠᠢ ᠥᠩᠭᠡᠷᠡᠬᠦ ᠪᠠ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ | ᠲᠣᠭᠲᠠᠪᠤᠷᠢᠲᠠᠢ ᠪᠠᠶᠢᠯᠭᠠᠬᠤ ᠶᠢ ᠪᠠᠲᠤᠯᠠᠵᠤ᠂ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ᠂ | ᠬᠤᠲᠠ ᠲᠣᠭᠤᠷᠢᠭ ᠵᠢᠴᠢ ᠬᠠᠷᠢᠶ᠎ᠠ ᠲᠤᠭᠤᠷᠢᠭ ᠤᠨ ᠭᠠᠳᠠᠨᠠᠬᠢ ᠭᠤᠷᠪᠠᠨ ᠲᠠᠯ᠎ᠠ ᠤᠨ ᠭᠠᠳᠠᠭᠠᠳᠤ ᠳᠤ ᠭᠠᠷᠭᠠᠬᠤ | ᠪᠠᠷᠠᠭᠠᠨ ᠤ ᠲᠤᠭ᠎ᠠ ᠬᠡᠮᠵᠢᠶ᠎ᠡ ᠵᠢᠴᠢ ᠪᠠᠶᠢᠳᠠᠯ ᠳᠤ ᠴᠢᠭᠯᠡᠭᠦᠯᠦᠨ ᠪᠦᠷᠢᠳᠬᠡᠯ ᠬᠢᠵᠦ᠂ ᠲᠤᠠᠠᠳ᠋ᠬᠠᠰᠡᠨ | ᠬᠤᠭᠤᠴᠠᠭᠠᠨ ᠳᠤ ᠭᠠᠳᠠᠭᠠᠳᠤ ᠳᠤ ᠭᠠᠷᠭᠠᠬᠤ ᠶᠢ ᠪᠠᠲᠤᠯᠠᠨ᠎ᠠ ᠃ ᠬᠤᠶᠠᠷ ᠲᠤ᠂ ᠪᠣᠭᠤᠮᠲᠠ ᠶᠢᠨ ᠠᠮᠤᠷ | ᠲᠦᠪᠰᠢᠨ ᠢ ᠪᠠᠲᠤᠯᠠᠬᠤ ᠪᠠ ᠰᠠᠭᠠᠳ ᠦᠭᠡᠢ ᠪᠠᠶᠢᠯᠭᠠᠬᠤ ᠠᠵᠢᠯ ᠤᠨ ᠲᠣᠭᠲᠠᠴᠠ ᠶᠢ ᠡᠬᠢᠯᠡᠭᠦᠯᠵᠦ᠂ ᠠᠴᠢᠶᠠᠯᠠᠵᠤ | ᠪᠠᠭᠤᠯᠭᠠᠬᠤ᠂ ᠲᠡᠭᠡᠭᠡᠪᠦᠷᠢᠯᠡᠬᠦ᠂ ᠪᠣᠭᠤᠮᠲᠠ ᠳᠤ ᠮᠡᠳᠡᠭᠦᠯᠬᠦ ᠵᠡᠷᠭᠡ ᠪᠠᠳᠤᠯᠭᠠᠨ ᠤ ᠠᠵᠢᠯ ᠢ ᠲᠣᠭᠲᠠᠭᠠᠵᠤ᠂ ᠠᠵᠤ | ᠠᠬᠤᠶᠢᠯᠠᠯ ᠭᠤᠶᠤᠴᠢᠯᠠᠬᠤ᠂ ᠵᠢᠭᠰᠠᠭᠠᠨ ᠪᠠᠶᠢᠴᠠᠭᠠᠬᠤ᠂ ᠬᠢᠨᠠᠨ ᠬᠠᠷᠭᠤᠭᠤᠯᠬᠤ᠂ ᠬᠠᠮᠢᠶᠠᠳᠠᠢ ᠬᠥᠮᠥᠰ | ᠠᠵᠢᠯ ᠤᠨ ᠪᠠᠶᠢᠷᠢ ᠳᠤ ᠬᠦᠷᠴᠦ ᠠᠵᠢᠯᠯᠠᠬᠤ ᠶᠢ ᠵᠥᠪᠰᠢᠶᠡᠷᠡᠨ᠎ᠡ ᠃ ᠭᠤᠷᠪᠠ ᠳᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠠᠪᠤᠴᠠ ᠶᠢ ᠰᠢᠯᠢᠳᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠲᠡᠷᠭᠡ ᠡᠳᠤᠷ ᠲᠤ 200 ᠠᠴᠠ | ᠲᠡᠭᠡᠭᠡᠰᠢ ᠪᠠᠶᠢᠵᠦ᠂ ᠡᠳᠤᠷ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 4000 ᠲᠣᠨ ᠬᠦᠷᠴᠦ᠂ | ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠲᠡᠮᠦᠷ ᠵᠠᠮ ᠤᠨ ᠪᠣᠭᠤᠮᠲᠠ ᠶᠢᠨ ᠲᠠᠯ᠎ᠠ ᠪᠠᠷ᠂ ᠨᠢᠭᠡ ᠳᠤ᠂ ᠠᠵᠢᠯᠯᠠᠵᠤ | ᠪᠠᠶᠢᠭ᠎ᠠ ᠬᠥᠮᠥᠰ ᠢ ᠳᠤᠭᠤᠶᠢᠯᠠᠩ ᠬᠤᠪᠢᠶᠠᠵᠤ᠂ ᠲᠡᠷᠭᠡ ᠲᠣᠬᠢᠷᠠᠭᠤᠯᠬᠤ ᠲᠣᠭᠤᠷᠢᠭ ᠢ ᠳᠠᠭᠢᠵᠤ ᠬᠤᠪᠢᠶᠠᠷᠢᠯᠠᠨ᠎ᠠ᠃ | ᠬᠤᠶᠠᠷ ᠲᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠰᠠᠭᠠᠳ ᠦᠭᠡᠢ ᠨᠡᠪᠲᠡᠷᠡᠬᠦ ᠶᠢ | ᠪᠠᠲᠤᠯᠠᠨ᠎ᠠ᠃ ᠭᠤᠷᠪᠠ ᠳᠤ ᠂ ᠭᠠᠳᠠᠭᠠᠳᠤ ᠳᠤ ᠭᠠᠷᠭᠠᠬᠤ ᠲᠡᠷᠭᠡᠨ ᠳᠤ ᠠᠴᠢᠶᠠᠯᠠᠬᠤ ᠶᠢ ᠲᠣᠬᠢᠷᠠᠭᠤᠯᠵᠤ᠂ ᠤᠳᠤ | ᠪᠠᠶᠢᠭ᠎ᠠ ᠪᠠᠷᠠᠭᠠᠨ ᠤ ᠲᠠᠯᠠᠪᠠᠶ ᠪᠠ ᠪᠠᠷᠠᠭᠠᠨ ᠤ ᠲᠡᠭᠡᠭᠡᠪᠦᠷᠢ ᠶᠢ ᠦᠨᠳᠦᠰᠦᠯᠡᠨ ᠬᠥᠮᠥᠨ ᠤ ᠬᠦᠴᠦ᠂ ᠮᠠᠰᠢᠨ | ᠪᠠᠭᠠᠵᠢ ᠶᠢᠨ ᠲᠣᠬᠢᠷᠠᠭᠤᠯᠤᠯᠲᠠ ᠶᠢ ᠪᠠᠶᠢᠷᠢᠯᠠᠭᠤᠯᠵᠤ᠂ ᠠᠴᠢᠶᠠᠯᠠᠵᠤ ᠪᠠᠭᠤᠯᠭᠠᠬᠤ ᠲᠠᠯᠠᠪᠠᠶ ᠶᠢ ᠲᠣᠬᠢᠷᠠᠭᠤᠯᠤᠨ᠂ | ᠡᠳ᠋ ᠪᠠᠷᠠᠭᠠᠠᠴᠢᠶᠠᠯᠠᠬᠤ ᠭᠠᠵᠠᠷ ᠲᠤ ᠬᠦᠷᠬᠦ ᠶᠢ ᠪᠠᠲᠤᠯᠠᠵᠤ᠂ ᠲᠡᠭᠡᠭᠡᠪᠦᠷᠢ ᠶᠢᠨ ᠬᠡᠷᠡᠭᠴᠡᠭᠡ ᠶᠢ ᠬᠠᠩᠭᠠᠨ᠎ᠠ᠃ | ᠣᠳᠣᠬᠠᠨ ᠳᠤ᠂ ᠲᠡᠮᠦᠷ ᠵᠠᠮ ᠤᠨ ᠪᠣᠭᠤᠮᠲᠠ ᠶᠢᠨ ᠡᠳᠦᠷ ᠪᠦᠷᠢ ᠶᠢᠨ ᠲᠤᠰᠢᠶᠠᠬᠤ ᠪᠠ ᠬᠦᠯᠢᠶᠡᠵᠦ ᠠᠪᠬᠤ | ᠡᠭᠡᠯᠵᠢ ᠶᠢᠨ ᠲᠡᠷᠭᠡᠨ ᠤ ᠥᠷᠭᠡᠨ ᠵᠠᠮ ᠨᠢ 12 ᠬᠤᠣᠰ᠂ ᠪᠠᠷᠢᠮᠵᠢᠶᠠᠲᠤ ᠵᠠᠮ ᠨᠢ 7 ᠬᠤᠣᠰ ᠪᠠᠶᠢᠵᠤ᠂ | ᠳᠤᠮᠳᠠᠴᠢ ᠪᠠᠷ ᠡᠳᠦᠷ ᠲᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠨᠢ 4 ᠲᠦᠮᠡᠨ ᠲᠣᠨ ᠣᠷᠴᠢᠮ ᠬᠦᠷᠴᠦ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠡᠪᠡᠳᠴᠢᠨ ᠦᠵᠡᠭᠦᠯᠵᠦ ᠡᠮ ᠬᠡᠷᠡᠭᠯᠡᠬᠦ ᠲᠠᠯ᠎ᠠ ᠳᠤ ᠂ ᠡᠷᠢᠶᠡᠨ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠪᠡᠳᠴᠢᠲᠡᠨ ᠤ | ᠡᠪᠡᠳᠴᠢᠨ ᠦᠵᠡᠭᠦᠯᠬᠦ ᠠᠯᠪᠠᠨ ᠵᠠᠷ ᠨᠡᠶᠢᠲᠡᠯᠡᠵᠦ᠂ ᠰᠦᠯᠵᠢᠶᠡᠨ ᠳᠡᠭᠡᠷ᠎ᠡ ᠡᠪᠡᠳᠴᠢᠨ ᠦᠵᠡᠭᠦᠯᠬᠦ ᠡᠮᠴᠢ ᠶᠢᠨ ᠨᠡᠷᠡᠰ | ᠪᠠ ᠠᠰᠠᠭᠤᠨ ᠯᠠᠪᠯᠠᠬᠤ ᠤᠲᠠᠰᠤ ᠲᠤᠬᠢᠷᠠᠭᠤᠯᠵᠦ ᠂ ᠲᠦᠷᠭᠡᠨ ᠡᠮᠴᠢᠯᠡᠭᠡ᠂ ᠬᠠᠯᠠᠭᠤᠷᠠᠯ ᠤᠨ ᠡᠭᠦᠳᠡᠨ ᠡᠮᠨᠡᠯᠭᠡ | ᠵᠡᠷᠭᠡ ᠭᠤᠤᠯᠳᠠᠯᠭ᠎ᠠ ᠲᠠᠢ ᠰᠠᠯᠠᠭᠠᠨ ᠳᠤ 24 ᠴᠠᠭ ᠪᠠᠷ ᠡᠮᠨᠡᠬᠦᠯᠬᠦ ᠠᠯᠪᠠᠨ ᠵᠠᠷ ᠨᠠᠶᠢᠳᠡᠯᠠᠵᠠᠢ᠃ | ᠡᠷᠢᠶᠡᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠨᠢᠶᠧ | ᠹᠠᠩ᠄ | ᠡᠪᠡᠳᠴᠢᠨ ᠦᠵᠡᠭᠦᠯᠬᠦ ᠱᠠᠭᠠᠷᠳᠠᠯᠭ᠎ᠠ ᠲᠠᠢ ᠡᠪᠡᠳᠴᠢᠲᠡᠨ ᠰᠦᠯᠵᠢᠶᠡᠨ ᠳᠡᠭᠡᠷ᠎ᠡ ᠠᠰᠠᠭᠤᠨ ᠯᠠᠪᠯᠠᠵᠤ᠂ | ᠡᠮᠴᠢ ᠠᠴᠠ ᠵᠤᠬᠢᠬᠤ ᠡᠮᠴᠢᠯᠡᠭᠡᠨ ᠤ ᠵᠦᠪᠯᠡᠮᠵᠢ ᠥᠭᠭᠦᠨ᠎ᠡ ᠃ ᠵᠢᠷᠮᠦᠰᠦᠨ ᠬᠦᠩᠭᠡᠵᠢᠬᠦ ᠡᠮᠡᠭᠲᠡᠢ᠂ ᠬᠦᠨᠳᠦ | ᠡᠪᠡᠳᠴᠢᠲᠡᠨ 120 ᠲᠦᠷᠭᠡᠨ ᠠᠪᠤᠷᠠᠯᠲᠠ ᠶᠢᠨ ᠤᠲᠠᠰᠤ ᠪᠠᠷ ᠰᠢᠭᠤᠳ ᠡᠮᠨᠡᠭᠦᠯᠵᠦ ᠪᠤᠯᠤᠨ᠎ᠠ᠃ ᠲᠥᠪᠯᠡᠷᠡᠭᠦᠯᠦᠨ | ᠲᠤᠰᠠᠭᠠᠷᠯᠠᠬᠤ ᠴᠢᠭ᠂ ᠪᠢᠲᠡᠭᠦᠮᠵᠢᠯᠡᠨ ᠡᠵᠡᠮᠳᠡᠬᠦ ᠰᠠᠭᠤᠭᠠᠯᠢ ᠲᠣᠭᠤᠷᠢᠭ ᠤᠨ ᠡᠪᠡᠳᠴᠢᠳᠡᠨ᠂ 120 ᠲᠦᠷᠭᠡᠨ | ᠠᠪᠤᠷᠠᠯᠳᠠ ᠶᠢᠨ ᠲᠡᠷᠭᠡ ᠪᠠᠷ ᠲᠡᠮᠵᠢᠨ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠦᠨ᠎ᠡ᠃ ᠤᠳᠠᠭᠠᠨ | ᠴᠢᠨᠠᠷᠲᠠᠢ ᠡᠪᠡᠳᠴᠢᠲᠡᠨ ︽ᠰᠦᠯᠵᠢᠶᠡᠨ ᠳᠡᠭᠡᠷᠡᠬᠢ ᠤᠶᠢᠯᠡᠴᠢᠯᠡᠭᠡ + ᠡᠮ ᠬᠡᠷᠡᠭᠯᠡᠬᠦ ᠶᠢ ᠵᠢᠯᠤᠭᠤᠳᠬᠤ︾ | ᠠᠷᠭ᠎ᠠ ᠮᠠᠶ᠋ᠢᠭ ᠢᠶᠠᠷ ᠡᠮᠨᠡᠭᠦᠯᠵᠦ ᠪᠣᠯᠣᠨ᠎ᠠ᠂ ᠡᠷᠢᠶᠡᠨ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠠᠴᠠ | ᠬᠤᠲᠠ ᠶᠢᠨ ᠠᠷᠠᠳ ᠤᠨ ᠬᠡᠪ ᠤᠨ ᠡᠮ ᠬᠡᠷᠡᠭᠯᠡᠬᠦ ᠶᠢ ᠪᠠᠳᠤᠯᠠᠬᠤ ᠶᠢᠨ ᠬᠠᠮᠳᠦ᠂ ᠬᠡᠷᠡᠭᠰᠡᠬᠦ ᠡᠮ ᠤᠨ ᠵᠦᠢᠯ ᠢ | ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ᠂ ᠨᠡᠶᠢᠭᠡᠮ ᠲᠣᠭᠤᠷᠢᠭ ᠵᠡᠷᠭᠡ ᠤᠶᠢᠯᠡᠴᠢᠯᠭᠡᠨ ᠤ ᠪᠠᠭ ᠠᠴᠠ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠬᠠᠪᠰᠤᠷᠤᠨ ᠠᠪᠴᠤ ᠪᠣᠯᠬᠤ ᠪᠥᠭᠡᠳ ᠡᠪᠡᠳᠴᠢᠲᠡᠨ ᠤ ᠭᠡᠷ ᠲᠤ | ᠬᠦᠷᠭᠡᠬᠦ ᠪᠣᠯᠣᠨ᠎ᠠ᠃ |