二连浩特市人民政府蒙古文 365网络科技_bat365在线登录_注册送365元可提款

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         

        365网络科技_bat365在线登录_注册送365元可提款

        ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠠᠭᠠᠭᠠᠴᠢᠯᠠᠨ ᠬᠠᠷᠢᠴᠠᠬᠤ ᠰᠠᠭᠤᠭᠠᠯᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠭᠰᠡᠨ
        ᠨᠡᠶᠢᠲᠡᠯᠡᠭᠰᠡᠨ ᠴᠠᠭ᠄
        2022/9/3
        ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠠᠭᠠᠭᠠᠴᠢᠯᠠᠨ ᠬᠠᠷᠢᠴᠠᠬᠤ ᠰᠠᠭᠤᠭᠠᠯᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠭᠰᠡᠨ     ᠬᠢᠵᠢᠭ ᠤᠨ ᠪᠠᠶᠢᠳᠠᠯ ᠤᠨ ᠡᠮᠦᠨ᠎ᠡ᠂ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ  ᠪᠠᠶᠢᠴᠠᠭᠠᠬᠤ ᠦᠷᠲᠡᠭᠡ ᠵᠠᠷᠯᠢᠭ ᠢ ᠰᠣᠨᠣᠰᠤᠮᠠᠭᠴᠠ  ᠂   ᠲᠠᠷᠤᠢ ᠲᠦᠷᠭᠡᠨ‌‍ᠬᠥ᠋ᠳᠡᠯᠦᠯᠴᠡᠵᠦ  ᠂  2  ᠲᠠᠭᠠᠭᠠᠴᠢᠯᠠᠨ ᠬᠠᠷᠢᠴᠠᠬᠤ ᠲᠣᠭᠤᠷᠢᠭ ᠲᠤ ᠠᠷᠠᠳ ᠤᠨ ᠴᠠᠭᠳᠠᠭ᠎ᠠ   ᠲᠤᠮᠢᠯᠠᠵᠦ  ᠂  24 ᠴᠠᠭ ᠢᠶᠠᠷ  ᠵᠢᠵᠢᠭᠦᠷᠯᠡᠨ  ᠂  ᠬᠥᠮᠥᠰ ᠤᠨ ᠮᠡᠳᠡᠭᠡ ᠵᠠᠩᠭᠢ ᠶᠢ ᠳᠠᠩᠰᠠᠯᠠᠬᠤ  ᠂ ᠣᠷᠣᠵᠤ ᠭᠠᠷᠬᠤ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ  ᠥᠷᠨᠢᠭᠦᠯᠵᠦ᠂ ᠰᠠᠭᠤᠭᠠᠯᠢ  ᠲᠣᠭᠤᠷᠢᠭ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠵᠠᠢ᠃           ᠨᠢᠭᠡ‌ᠨᠠᠮ ᠤᠨ ᠭᠡᠰᠢᠭᠦᠨ᠂   ᠨᠢᠭᠡ ᠨᠠᠮ ᠤᠨ ᠲᠤᠬ  ᠢ ᠲᠦᠯᠦᠭᠡᠯᠡᠵᠦ᠂  ᠨᠢᠭᠡ ᠡᠩᠨᠡᠭᠡ  ᠂ ᠨᠢᠭᠡ ᠰᠡᠷᠭᠡᠶᠢᠯᠡᠯᠲᠡ ᠶᠢᠨ ᠱᠤᠭᠤᠮ  ᠢ ᠪᠤᠢ ᠪᠤᠯᠭᠠᠳᠠᠭ  ᠃  ᠲᠠᠭᠠᠭᠠᠴᠢᠯᠠᠨ ᠬᠠᠷᠢᠴᠠᠬᠤ ᠰᠠᠭᠤᠭᠠᠯᠢ  ᠲᠣᠭᠤᠷᠢᠭ ᠲᠤ  ᠬᠦᠷᠦᠭᠰᠡᠨ ᠤ ᠳᠠᠷᠠᠭ᠎ᠠ᠂  ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ 12 ᠰᠢᠯᠢᠳᠡᠭ ᠴᠡᠷᠢᠭ ᠢ ᠰᠣᠩᠭᠤᠵᠤ  ᠂  ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠬᠠᠷᠠᠭᠤᠯ  ᠢ  ᠪᠠᠶᠢᠭᠤᠯᠵᠠᠢ  ᠃ ᠥᠷᠯᠥᠭᠡ   ᠶᠢᠨ 5 ᠴᠠᠭ ᠲᠤ ᠠᠷᠠᠳ ᠤᠨ ᠴᠠᠭᠳᠠᠭ᠎ᠠ  ᠡᠮᠴᠢᠯᠡᠭᠡᠨ ᠤ ᠠᠵᠢᠯᠲᠠᠳ   ᠲᠠᠢ ᠬᠠᠮᠳᠦ  ᠪᠥᠭᠡᠮ ᠬᠦᠴᠢᠯ   ᠤᠨ ᠦᠯᠢᠭᠡᠷ  ᠡᠳ᠋ ᠠᠪᠬᠤ᠂  ᠺᠤᠲ ᠰᠢᠷᠪᠡᠵᠦ  ᠲᠠᠩᠰᠠᠯᠠᠬᠤ ᠪᠤᠯᠤᠨ ᠤᠯᠠᠨ ᠤ ᠠᠮᠠᠪᠴᠢ  ᠵᠡᠬᠦᠬᠦ᠂ ᠠᠮᠤᠷ ᠲᠦᠪᠰᠢᠨ ᠤ ᠵᠠᠢ   ᠶᠢ ᠪᠠᠲᠤᠯᠠᠬᠤ   ᠶᠢ ᠰᠠᠨᠠᠭᠤᠯᠤᠨ ᠠᠵᠢᠯ  ᠢᠶᠠᠨ ᠬᠢᠨᠠᠮᠠᠭᠠᠢ ᠭᠦᠢᠴᠡᠳᠬᠡᠵᠦ ᠪᠠᠶᠢᠯ᠎ᠠ  ᠃           ᠰᠠᠭᠤᠭᠠᠯᠢ  ᠲᠤᠭᠤᠷᠢᠭ ᠤᠨ  ᠠᠮᠢᠳᠤᠷᠠᠯ ᠤᠨ ᠬᠤᠭ ᠨᠤᠪᠰᠢ ᠶᠢ  ᠴᠡᠪᠡᠷᠯᠡᠬᠦ ᠪᠤᠯ ᠬᠢᠵᠢᠭ  ᠢ ᠰᠡᠷᠭᠡᠶᠢᠯᠡᠬᠦ ᠴᠢᠬᠤᠯᠠ ᠭᠤᠨ᠋ᠠᠴᠤᠭ᠎ᠠ  ᠶᠤᠮ᠃ ᠡᠳᠦᠷ ᠪᠦᠷᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠨᠠᠷ ᠬᠤᠭ ᠨᠣᠪᠰᠢ ᠶᠢ ᠴᠡᠪᠡᠷᠯᠡᠬᠦ ᠪᠠ  ᠠᠷᠢᠭᠤᠳᠬᠠᠬᠤ ᠠᠵᠢᠯ  ᠢ ᠬᠢᠵᠦ᠂  ᠬᠡᠳᠦᠢ ᠶᠠᠳᠠᠷᠠᠭᠰᠠᠨ  ᠴᠤ  ᠥᠴᠥᠬᠡᠨ ᠴᠦ ᠭᠤᠮᠣᠳᠠᠯ  ᠲᠤᠭᠠᠴᠢᠳᠠᠭ ᠦᠭᠡᠢ  ᠃           ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ  ᠥᠷᠲᠡᠭᠡᠨ ᠤ  ᠲᠠᠭᠠᠭᠠᠴᠢᠯᠠᠨ ᠬᠠᠷᠢᠴᠠᠬᠤ ᠰᠠᠭᠤᠭᠠᠯᠢ ᠲᠤᠭᠤᠷᠢᠭ ᠨᠢ ᠬᠠᠭᠤᠴᠢᠨ ᠬᠢᠯᠢ ᠶᠢᠨ ᠪᠠᠶᠢᠴᠠᠭᠠᠯᠲᠠ ᠶᠢᠨ  ᠰᠠᠭᠤᠭᠠᠯᠢ ᠲᠣᠭᠤᠷᠢᠭ  ᠲᠤᠯᠠ᠂  ᠠᠳᠡ‌ᠨᠠᠰᠤᠳᠠᠶᠢᠴᠤᠳ ᠤᠯᠠᠨ ᠪᠠᠶᠢᠵᠦ᠂  ᠭᠠᠷ ᠤᠲᠠᠰᠤ ᠪᠠᠷ ᠡᠮ  ᠤᠨ ᠵᠤᠶᠢᠯ ᠪᠠ ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠬᠤ ᠳᠤ ᠬᠦᠴᠢᠷᠳᠡᠯ ᠣᠷᠣᠰᠢᠵᠤ᠂ ᠠᠷᠠᠳ ᠤᠨ ᠴᠠᠭᠳᠠᠭ᠎ᠠ  ᠨᠠᠰᠤᠳᠠᠶᠢᠴᠤᠳ ᠢ ᠬᠠᠪᠰᠤᠷᠤᠨ ᠡᠳ᠋ ᠪᠣᠳᠠᠰ ᠬᠤᠳᠠᠯᠳᠤᠨ ᠠᠪᠴᠤ  ᠦᠭᠭᠦᠨ ᠲᠡᠳᠡᠨ ᠤ ᠪᠤᠳᠠᠳᠠᠢ ᠬᠦᠴᠢᠷᠳᠡᠯ ᠢ  ᠨᠢ ᠰᠢᠢᠳᠪᠦᠷᠢᠯᠡᠵᠦ ᠦᠭᠴᠠᠢ  ᠃         ︵ᠰᠤᠷᠪᠤᠯᠵᠢᠯᠠᠭ᠎ᠠ︶ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡᠨ ᠤ ᠨᠢᠭᠡᠳᠦᠭᠡᠷ  ᠵᠢᠵᠢᠭᠦᠷᠯᠡᠬᠦ ᠠᠩᠭᠢ ᠶᠢᠨ ᠠᠷᠠᠳ ᠤᠨ ᠴᠠᠭᠳᠠᠭ᠎ᠠ ᠮᠠ ᠴᠤᠸ᠄       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠬᠤᠭᠤᠴᠠᠭᠠᠨ ᠳᠤ᠂ ᠰᠠᠭᠤᠭᠠᠯᠢ ᠠᠷᠠᠳ ᠤᠨ ᠬᠦᠴᠢᠷᠳᠡᠯ ᠢ ᠰᠢᠢᠳᠪᠦᠷᠢᠯᠡᠵᠦ ᠥᠭᠬᠦ ᠪᠣᠯ ᠪᠢᠳᠡᠨ ᠤ  ᠬᠠᠷᠢᠭᠤᠴᠠᠯᠭ᠎ᠠ᠃ ᠪᠢᠳᠡ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠰᠠᠶᠢᠨ‌ᠨᠠᠶᠢᠳᠠᠪᠤᠷᠢᠵᠢᠭᠤᠯᠵᠤ ᠪᠠᠶᠢᠨ᠎ᠠ᠃             ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ᠂ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ  ᠦᠷᠳᠡᠭᠡᠨ ᠤ  ᠠᠷᠠᠳ ᠤᠨ ᠴᠬᠠᠳᠠᠭ᠎ᠠ ᠠᠷᠠᠳ ᠲᠦᠮᠡᠨ ᠤ ᠡᠷᠡᠭᠦᠯ ᠮᠡᠨᠳᠦ ᠶᠢ  ᠪᠠᠳᠦ ᠰᠠᠬᠢᠵᠦ᠂    ᠪᠤᠳᠠᠳᠦ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠢᠨ ᠰᠤᠳᠠᠰᠤ︾ ᠶᠢ ᠴᠣᠭᠴᠠᠯᠠᠵᠤ  ᠂  ︽ᠠᠷᠠᠳ ᠲᠦᠮᠡᠨ ᠳᠤ ᠦᠢᠯᠡᠴᠢᠯᠡᠬᠦ  ︾ ᠠᠮᠠᠯᠠᠯᠲᠠ ᠪᠠᠨ ᠦᠢᠯᠡᠳᠦᠯᠭᠡᠵᠢᠭᠦᠯᠵᠡᠢ  ᠃
         
        ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
         
         
        ᠬᠠᠮᠢᠶ᠎ᠠ ᠪᠥᠬᠦᠢ ᠰᠤᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号