| 9 ᠰᠠᠷ᠎ᠠ ᠶᠢᠨ 7 ᠤ ᠡᠳᠦᠷ᠂ ᠰᠤᠷᠪᠤᠯᠵᠢᠯᠠᠭᠴᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ 42 ᠳ᠋ᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠪᠠ ᠥᠷᠭᠡᠨ ᠣᠯᠠᠨ ᠬᠤᠲᠠ ᠶᠢᠨ ᠠᠷᠠᠳ ᠤᠨ | ᠠᠩᠬᠠᠷᠤᠯ ᠳᠤ ᠢᠳᠡᠪᠬᠢᠲᠡᠢ ᠬᠠᠷᠢᠭᠤᠯᠲᠠ ᠦᠭᠴᠦ᠂ ᠤᠯᠠᠨ ᠢ ᠬᠠᠪᠰᠤᠷᠤᠨ ᠳᠠᠷᠤᠭᠠᠰᠤ ᠶᠢ ᠬᠥᠩᠭᠡᠷᠡᠭᠦᠯᠵᠦ᠂ | ᠬᠦᠴᠢᠷ ᠢ ᠲᠤᠭᠤᠯᠵᠤ᠂ ᠢᠲᠡᠭᠡᠯ ᠵᠣᠷᠢᠭ ᠢ ᠬᠥᠪᠴᠢᠯᠡᠵᠦ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠳᠤ | ᠦᠵᠡᠭᠦᠯᠬᠦ ᠳᠠᠭᠠᠷᠢᠯᠲᠠ ᠪᠠ ᠠᠷᠠᠳ ᠤᠨ ᠠᠮᠢᠳᠤᠷᠠᠯ ᠳᠤ ᠦᠵᠡᠬᠦᠯᠦᠭᠰᠡᠨ ᠨᠥᠯᠥᠭᠡ ᠶᠢ ᠬᠠᠮᠤᠭ ᠤᠨ ᠶᠡᠭᠡ ᠪᠠᠷ | ᠪᠠᠭᠠᠰᠬᠠᠬᠤ ᠶᠢᠨ ᠳᠣᠯᠠᠳᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ | ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠲᠤᠰᠠᠯᠠᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ︽ᠡᠷᠢᠶᠡᠨ | ᠬᠤᠲᠠ ᠶᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ | ᠲᠤᠰᠠᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ ᠨᠡᠶᠢᠲᠡᠯᠡᠪᠡ᠃ | ᠮᠠᠨ ᠤ ᠬᠤᠲᠠ ᠶᠢᠨ ᠬᠢᠵᠢᠭ ᠢ ᠡᠰᠡᠷᠭᠦᠴᠡᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ | ᠳᠡᠮᠵᠢᠬᠦ ᠲᠥᠷᠥ ᠶᠢᠨ ᠪᠣᠳᠣᠯᠭ᠎ᠠ ᠳᠤ ᠭᠤᠣᠯᠳᠠᠭᠤ 9 ᠲᠠᠯ᠎ᠠ ᠶᠢ ᠪᠠᠭᠲᠠᠭᠠᠵᠤ᠂ ᠨᠡᠶᠢᠲᠡ 22 ᠵᠦᠢᠯ ᠤᠨ ᠪᠣᠳᠠᠲᠠᠢ | ᠠᠷᠭ᠎ᠠ ᠬᠡᠮᠵᠢᠶ᠎ᠡ ᠠᠪᠤᠪᠠ᠃ ᠡᠲᠡᠭᠡᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ᠂ ᠬᠤᠲᠠ ᠶᠢᠨ ᠡᠳ᠋ ᠤᠨ ᠵᠠᠰᠠᠭ | ᠠᠴᠠ 5000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ᠂ | ᠵᠢᠱᠢᠯᠲᠡ ᠪᠠᠷ ᠪᠥᠬᠦ ᠵᠢᠯ ᠤᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠶᠡᠷᠦᠩᠬᠡᠢ ᠬᠡᠮᠵᠢᠶ᠎ᠡ 1.3 | ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | 8500 ᠭᠠᠷᠤᠢ ᠡᠷᠦᠬᠡ᠂ ᠬᠤᠲᠠ ᠶᠢᠨ ᠠᠷᠠᠳ ᠲᠦᠮᠡᠨ ᠳᠤ 6.4 ᠲᠦᠮᠡ ᠭᠠᠷᠤᠢ ᠬᠥᠮᠥᠨ ᠠᠰᠢᠭ ᠬᠦᠷᠲᠡᠭᠡᠨ᠎ᠡ᠃ | | ᠨᠢᠭᠡ ᠳᠤ ᠢᠯᠴᠢ ᠬᠠᠩᠭᠠᠬᠤ ᠨᠥᠬᠦᠪᠦᠷᠢ ᠶᠢ ᠬᠡᠷᠡᠭᠵᠢᠭᠦᠯᠦᠨ᠎ᠡ᠃ ᠰᠠᠭᠤᠭᠠᠯᠢ ᠠᠷᠠᠳ ᠰᠦᠢᠳᠬᠡᠯ | ᠲᠤᠰᠢᠶᠠᠬᠤ ᠶᠢ ᠬᠤᠶᠢᠰᠢᠯᠠᠭᠤᠯᠬᠤ ᠪᠤᠶᠤ ᠬᠤᠭᠤᠴᠠᠭ᠎ᠠ ᠬᠤᠪᠢᠶᠠᠨ ᠰᠦᠢᠳᠬᠡᠯ ᠲᠤᠰᠢᠶᠠᠬᠤ ᠬᠡᠯᠪᠡᠷᠢ ᠪᠠᠷ 2022 | ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠳᠤᠯᠠᠭᠠᠯᠠᠭ᠎ᠠ ᠶᠢᠨ ᠰᠦᠢᠳᠬᠡᠯ ᠢᠶᠠᠨ ᠲᠤᠰᠢᠶᠠᠵᠤ ᠪᠣᠯᠣᠨ᠎ᠠ︔ | ᠳᠤᠯᠠᠭᠠᠯᠠᠬᠤ ᠶᠢ ᠵᠣᠭᠰᠣᠭᠠᠭᠰᠠᠨ ᠬᠡᠷᠡᠭᠯᠡᠭᠴᠢ ᠠᠴᠠ ᠪᠤᠰᠤᠳ ᠬᠡᠷᠡᠭᠯᠡᠭᠴᠢ ᠶᠢᠨ 2022 ᠣᠨ ᠤ | ᠳᠤᠯᠠᠭᠠᠯᠠᠭ᠎ᠠ ᠶᠢᠨ ᠰᠦᠢᠳᠬᠡᠯ ᠳᠤ ᠡᠷᠦᠬᠡ ᠪᠦᠷᠢ ᠳᠤ 90 ᠲᠡᠭᠰᠢ ᠳᠥᠷᠪᠡᠯᠵᠢᠨ ᠮᠧᠲᠷ᠂ ᠲᠡᠭᠰᠢ ᠳᠥᠷᠪᠡᠯᠵᠢᠨ | ᠮᠧᠲᠷ ᠪᠦᠷᠢ ᠳᠤ 4.5 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ︔ ᠪᠠᠶᠢᠰᠢᠩ ᠲᠣᠭᠤᠷᠢᠭ ᠪᠣᠯᠣᠨ | ᠬᠡᠷᠡᠯᠳᠦᠠᠣᠳᠦ ᠰᠤᠮᠤ ᠶᠢᠨ ᠰᠠᠭᠤᠭᠠᠯᠢ ᠠᠷᠠᠳ ᠲᠤ ᠡᠷᠥᠭᠡ ᠪᠦᠷᠢ ᠳᠤ 1 ᠲᠣᠨ ᠨᠡᠭᠦᠷᠡᠰᠦ ᠰᠢᠲᠠᠭᠠᠬᠤ | ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ︵ᠠᠵᠢᠯ ᠠᠴᠠ ᠪᠠᠨ ᠪᠠᠭᠤᠵᠤ ᠠᠮᠠᠷᠠᠭᠰᠠᠳ ᠪᠠᠭᠲᠠᠨ᠎ᠠ︶ ᠲᠣᠰ ᠲᠥᠷᠥ ᠶᠢᠨ | ᠪᠣᠳᠣᠯᠭ᠎ᠠ ᠶᠢ ᠭᠥᠷᠳᠡᠬᠦ ᠦᠭᠡᠢ᠃ | ᠬᠤᠶᠠᠷ ᠲᠤ ᠬᠡᠷᠡᠭᠯᠡᠭᠡ ᠶᠢ ᠵᠣᠷᠢᠭᠵᠢᠭᠤᠯᠤᠨ ᠠᠬᠢᠭᠤᠯᠤᠨ᠎ᠠ᠃ 500 ᠲᠦᠮᠡᠨ ᠲᠥᠭᠦᠷᠢᠭ ᠤᠨ ᠪᠡᠯᠡ | ᠣᠷᠣᠭᠤᠯᠵᠤ ᠨᠡᠶᠢᠳᠡᠮ ᠬᠡᠷᠡᠭᠯᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ︽ᠨᠠᠢᠮᠠᠨ ᠰᠠᠷ᠎ᠠ ᠶᠢᠨ ᠠᠷᠪᠠᠨ | ᠲᠠᠪᠤᠨ ᠤ ᠪᠠᠶᠠᠷ · ᠤᠯᠤᠰ ᠤᠨ ᠪᠠᠶᠠᠷ ᠢ ᠪᠡᠯᠭᠡᠯᠡᠬᠦ︾ ᠪᠠᠷ ᠭᠤᠣᠯ ᠰᠡᠳᠦᠪ ᠪᠣᠯᠭᠠᠭᠰᠠᠨ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ︽云闪付 APP︾ ᠪᠠᠷ | ᠳᠠᠮᠵᠢᠭᠤᠯᠤᠨ ᠬᠡᠷᠡᠭᠯᠡᠭᠡᠨ ᠤ ᠲᠡᠮᠳᠡᠭᠲᠦ ᠶᠢ ᠣᠯᠬᠤ ᠳᠤ ᠣᠷᠣᠯᠴᠠᠵᠤ ᠪᠣᠯᠣᠨ᠎ᠠ᠃ | ᠭᠤᠷᠪᠠ ᠳᠤ ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠠᠰᠢᠭ ᠬᠦᠷᠳᠡᠬᠡᠨ᠎ᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠤᠤᠯ ᠤᠨ 610 ᠲᠥᠭᠦᠷᠢᠭ / ᠬᠥᠮᠥᠨ ᠪᠠᠶᠢᠭᠰᠠᠨ ᠠᠴᠠ 640 ᠲᠥᠭᠦᠷᠢᠭ / ᠬᠥᠮᠥᠨ ᠪᠣᠯᠭᠠᠨ | ᠳᠡᠭᠡᠭᠰᠢᠯᠡᠭᠦᠯᠵᠦ᠂ ᠬᠥᠮᠥᠨ ᠪᠦᠷᠢ ᠳᠤᠮᠳᠠᠴᠢ ᠪᠠᠷ 30 ᠲᠥᠭᠦᠷᠢᠭ ᠳᠡᠭᠡᠭᠰᠢᠯᠡᠭᠦᠯᠵᠦ᠂ ᠳᠣᠰ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡᠯ 22500 ᠬᠥᠮᠥᠨ ᠳᠤ ᠠᠰᠢᠭ ᠬᠦᠷᠲᠡᠭᠡᠨ᠎ᠡ᠃ ᠡᠭᠦᠨ ᠤ ᠬᠠᠮᠲᠤ ᠤᠳᠠᠭᠠᠨ | ᠴᠢᠨᠠᠷᠲᠠᠢ ᠡᠪᠡᠳᠴᠢᠨ ᠳᠤ ᠨᠡᠷᠪᠡᠭᠳᠡᠭᠰᠡᠳ ᠤᠨ ᠡᠮ ᠬᠤᠳᠠᠯᠳᠤᠨ ᠠᠪᠬᠤ ᠬᠡᠮᠵᠢᠶ᠎ᠡ ᠶᠢ ᠤᠳᠠᠭ᠎ᠠ ᠪᠦᠷᠢ 1 ᠰᠠᠷ᠎ᠠ | ᠬᠤᠳᠠᠯᠳᠤᠨ ᠠᠪᠴᠤ ᠪᠠᠶᠢᠭᠰᠠᠨ ᠠᠴᠠ ᠤᠳᠠᠭ᠎ᠠ ᠪᠦᠷᠢ 3 ᠰᠠᠷ᠎ᠠ ᠬᠤᠳᠠᠯᠳᠤᠨ ᠠᠪᠴᠤ ᠪᠣᠯᠬᠤ ᠪᠣᠯᠲᠠᠯ᠎ᠠ | ᠠᠭᠤᠵᠢᠭᠤ ᠲᠠᠯᠪᠢᠨ᠎ᠠ᠃ | ᠳᠥᠷᠪᠡ ᠳᠤ ᠬᠦᠭᠵᠢᠯ ᠤᠨ ᠪᠡᠷᠬᠡᠰᠢᠶᠡᠯᠳᠠᠨ ᠢ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠬᠢᠵᠢᠭ ᠤᠨ | ᠪᠠᠶᠢᠳᠠᠯ ᠠᠴᠠ ᠪᠣᠯᠵᠤ ᠦᠨᠳᠦᠰᠦᠨ ᠠᠮᠢᠳᠤᠷᠠᠯ ᠨᠢ ᠨᠥᠯᠥᠭᠡᠯᠡᠭᠳᠡᠭᠰᠡᠨ ᠬᠦᠴᠢᠷᠳᠡᠯᠲᠡᠢ ᠬᠦᠭᠵᠢᠯ ᠤᠨ | ᠪᠡᠷᠬᠡᠰᠢᠶᠡᠯᠳᠠᠨ ᠳᠤ ᠬᠥᠮᠥᠨ ᠪᠦᠷᠢ ᠳᠤ 300 ᠲᠥᠭᠦᠷᠢᠭ ᠤᠨ ᠥᠷᠲᠡᠭ ᠪᠦᠬᠦᠢ ᠠᠮᠢᠳᠤᠷᠠᠯ ᠤᠨ ᠡᠳ᠋ ᠪᠣᠳᠠᠰ ᠤᠨ | ᠠᠪᠤᠷᠠᠨ ᠲᠤᠰᠠᠯᠠᠯᠲᠠ ᠣᠯᠭᠤᠨ᠎ᠠ︔ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ | ᠬᠦᠷᠲᠡᠵᠦ ᠪᠠᠶᠢᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ᠂ ᠳᠣᠮᠳᠠ ᠵᠡᠷᠭᠡ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠦᠨᠰᠣᠷᠭᠠᠭᠤᠯᠢ ᠵᠡᠷᠭᠡ ᠶᠢᠨ | ᠰᠤᠷᠭᠠᠨ ᠬᠥᠮᠦᠵᠢᠯ ᠤᠨ ᠬᠦᠭᠵᠢᠯ ᠤᠨ ᠪᠡᠷᠬᠡᠰᠢᠶᠡᠯᠳᠠᠢ ᠰᠣᠷᠣᠭᠴᠢ᠂ ᠭᠡᠷ ᠪᠦᠯᠢ ᠶᠢᠨ ᠬᠦᠭᠵᠢᠯ ᠤᠨ | ᠪᠡᠷᠬᠡᠰᠢᠶᠡᠯᠳᠠᠢ ᠰᠣᠷᠣᠭᠴᠢ ᠶᠢ ᠨᠢᠭᠡ ᠤᠳᠠᠭ᠎ᠠ ᠶᠢᠨ ᠴᠢᠨᠠᠷᠲᠠᠢ ᠪᠠᠷ 500 ᠳᠦᠬᠦᠷᠢᠭ ᠤᠨ ᠨᠦᠬᠦᠪᠣᠷᠢ ᠣᠯᠭᠤᠨ᠎ᠠ︔ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ ᠮᠡᠷᠭᠡᠵᠢᠯ᠂ ᠵᠢᠩᠬᠢᠨᠢ ᠠᠩᠭᠢ᠂ ᠰᠤᠳᠤᠯᠬᠤ | ᠰᠣᠷᠣᠭᠴᠢ ᠳᠤ ᠳᠠᠪᠰᠢᠨ ᠣᠷᠣᠭᠰᠠᠨ ᠬᠦᠭᠵᠢᠯ ᠤᠨ ᠪᠡᠷᠬᠡᠰᠢᠶᠡᠯᠳᠠᠢ ᠰᠣᠷᠣᠭᠴᠢ᠂ ᠬᠦᠭᠵᠢᠯ ᠤᠨ ᠪᠡᠷᠬᠡᠰᠢᠶᠡᠯᠳᠠᠨ ᠤ | ᠭᠡᠷ ᠪᠦᠯᠢ ᠶᠢᠨ ᠰᠣᠷᠣᠭᠴᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 1000 ᠲᠥᠭᠦᠷᠢᠭ᠂ 2000 ᠲᠥᠭᠦᠷᠢᠭ᠂ | 3000 ᠲᠥᠭᠦᠷᠢᠭ ᠲᠤᠰᠠᠯᠠᠨ᠎ᠠ᠃ | ᠲᠠᠪᠤ ᠳᠤ ᠮᠠᠯᠵᠢᠬᠤ ᠡᠷᠦᠬᠡ ᠶᠢᠨ ᠡᠪᠡᠰᠦ ᠬᠤᠳᠠᠯᠳᠤᠨ ᠠᠪᠬᠤ ᠨᠥᠬᠦᠪᠦᠷᠢ ᠶᠢ ᠬᠡᠷᠡᠭᠵᠢᠭᠦᠯᠦᠨ᠎ᠡ᠃ 4 | ᠮᠠᠯᠵᠢᠬᠤ ᠭᠠᠴᠠᠭ᠎ᠠ ᠶᠢᠨ ᠪᠡᠯᠴᠢᠭᠡᠷ ᠮᠠᠯ ᠤᠨ ᠲᠡᠩᠴᠡᠭᠦᠷᠢ ᠲᠠᠢ ᠡᠷᠦᠬᠡ ᠳᠤ ᠡᠨᠡ ᠡᠪᠦᠯ ᠪᠠ ᠢᠷᠡᠬᠦ ᠬᠠᠪᠤᠷ ᠤᠨ | ᠡᠪᠡᠰᠦ ᠬᠤᠳᠠᠯᠳᠤᠨ ᠠᠪᠬᠤ ᠨᠥᠬᠦᠪᠦᠷᠢ ᠶᠢ ᠬᠡᠷᠡᠭᠵᠢᠭᠦᠯᠦᠨ᠎ᠡ᠃ ᠮᠠᠯᠴᠢᠳ ᠥᠪᠡᠷ ᠲᠡᠭᠡᠨ ᠬᠠᠭᠤᠷᠠᠢ ᠡᠪᠡᠰᠦ | ᠬᠤᠳᠠᠯᠳᠤᠨ ᠠᠪᠤᠭᠰᠠᠨ ᠪᠣᠯ ᠲᠣᠨ ᠪᠦᠷᠢ ᠳᠤ 500 ᠲᠥᠭᠦᠷᠢᠭ ᠤᠨ ᠨᠥᠬᠦᠪᠦᠷᠢ ᠥᠭᠴᠦ᠂ ᠡᠷᠦᠬᠡ ᠪᠦᠷᠢ ᠶᠢᠨ | ᠨᠥᠬᠦᠪᠦᠷᠢ ᠶᠢᠨ ᠳᠡᠭᠡᠳᠦ ᠬᠢᠵᠠᠭᠠᠷ ᠢ ᠪᠡᠯᠴᠢᠭᠡᠷ ᠮᠠᠯ ᠤᠨ ᠢ ᠲᠡᠩᠴᠡᠭᠦᠷᠢ ᠪᠠᠷ ᠪᠠᠷᠢᠮᠵᠢᠶ᠎ᠠ ᠪᠣᠯᠭᠠᠨ ᠪᠣᠳᠠᠲᠠᠢ ᠮᠦ ᠶᠢᠨ | ᠲᠤᠭ᠎ᠠ ᠶᠢ 0.39 ᠲᠥᠭᠦᠷᠢᠭ ᠢᠶᠠᠷ ᠦᠷᠡᠵᠢᠭᠦᠯᠦᠨ᠎ᠡ᠃ | ᠵᠢᠷᠭᠤᠭ᠎ᠠ ᠳᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠤᠯᠤᠰ ᠠᠴᠠ ᠬᠡᠷᠡᠭᠵᠢᠭᠦᠯᠦᠭᠰᠡᠨ ᠰᠢᠨ᠎ᠡ ᠨᠢᠭᠡᠨ ᠡᠭᠡᠯᠵᠢ ᠶᠢᠨ ︽ᠬᠠᠮ ᠬᠡᠯᠪᠡᠷᠢ︾ ᠶᠢᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ᠂ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢ ᠬᠥᠩᠭᠡᠯᠡᠨ ᠲᠠᠲᠠᠪᠤᠷᠢᠯᠠᠬᠤ᠂ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ | ᠬᠠᠭᠠᠰ ᠢᠶᠠᠷ ᠬᠠᠰᠤᠬᠤ᠂ ︽ᠭᠡᠷ ᠪᠠᠶᠢᠰᠢᠩ ᠭᠠᠵᠠᠷ ᠰᠢᠷᠣᠢ ᠶᠢᠨ ᠬᠤᠶᠠᠷ ᠭᠠᠶᠢᠯᠢ︾ ᠶᠢ ᠬᠡᠯᠲᠦᠷᠢᠭᠦᠯᠬᠦ᠂ ᠬᠡᠰᠡᠭ | ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ | ᠲᠤᠯᠤᠭ᠎ᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ 365网络科技_bat365在线登录_注册送365元可提款 | ᠪᠠᠶᠢᠭᠤᠯᠤᠮᠵᠢ ᠶᠢ ᠡᠬᠡ ᠬᠦᠦ ᠶᠢ ᠨᠢ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠬᠦ ᠠᠵᠢᠯ ᠢ ᠰᠠᠶᠢᠲᠤᠷ | ᠬᠢᠵᠦ᠂ ᠵᠢᠭᠡᠯᠡᠯᠭᠡ ᠭᠠᠮᠨᠠᠬᠤ (惜贷)᠂ ᠵᠢᠭᠡᠯᠡᠯᠭᠡ ᠳᠠᠳᠠᠬᠤ(抽贷)᠂ ᠵᠢᠭᠡᠯᠡᠯᠭᠡ ᠵᠣᠭᠰᠤᠭᠠᠬᠤ(断 | 贷)᠂ ᠵᠢᠭᠡᠯᠡᠯᠭᠡ ᠳᠠᠷᠣᠬᠤ(压贷) ᠵᠡᠷᠭᠡ ᠦᠵᠡᠭᠳᠡᠯ ᠭᠠᠷᠭᠠᠵᠦ ᠪᠣᠯᠬᠤ ᠦᠭᠡᠢ᠂ ᠦᠷᠭᠦᠯᠵᠢᠯᠡᠨ | ᠵᠢᠭᠡᠯᠡᠯᠭᠡ ᠲᠠᠯᠪᠢᠬᠤ ᠶᠢ ᠳᠡᠮᠵᠢᠬᠦ᠂ ᠪᠠᠲᠤᠯᠠᠭ᠎ᠠ ᠶᠢᠨ ᠬᠤᠭᠤᠴᠠᠭ᠎ᠠ ᠶᠢ ᠤᠷᠲᠤᠳᠬᠠᠬᠤ᠂ ᠳᠠᠭᠠᠳᠬᠠᠯ ᠤᠨ | ᠰᠦᠢᠳᠬᠡᠯ ᠢ ᠬᠤᠶᠢᠰᠢᠯᠠᠭᠤᠯᠬᠤ᠂ ᠡᠬᠡ ᠬᠦᠦ ᠶᠢ ᠪᠤᠴᠠᠭᠠᠬᠤ᠂ ᠦᠷᠭᠦᠯᠵᠢᠯᠡᠨ ᠪᠠᠲᠤᠯᠠᠵᠤ ᠦᠷᠭᠦᠯᠵᠢᠯᠡᠨ | ᠵᠢᠭᠡᠯᠡᠯᠭᠡ ᠠᠪᠬᠤ᠂ ᠬᠦᠦ ᠮᠥᠩᠭᠦ ᠲᠣᠷᠭᠠᠬᠤ ᠠᠴᠠ ᠬᠡᠯᠲᠦᠷᠢᠭᠦᠯᠬᠦ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ | ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃ | ᠨᠠᠢᠮᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠥᠪᠡᠷ ᠤᠨ ᠦᠷᠳᠡᠭ ᠢ ᠴᠢᠷᠮᠠᠶᠢᠨ | ᠪᠠᠭᠠᠰᠬᠠᠨ᠎ᠠ᠃ ᠪᠠᠶᠢᠭᠤᠯᠭ᠎ᠠ ᠨᠢᠭᠡᠴᠡ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠠᠳ ᠲᠦᠷ ᠴᠠᠭ | ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠡᠵᠡᠩᠨᠡᠬᠦ ᠶᠢᠨ ᠠᠷᠭ᠎ᠠ ᠦᠭᠡᠢ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠳᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 | ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠪᠣᠯᠪᠠᠰᠤᠷᠠᠭᠤᠯᠤᠯ ᠤᠨ | ᠨᠥᠬᠦᠪᠦᠷᠢ ᠣᠯᠭᠤᠨ᠎ᠠ︔ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠳᠠᠢ ᠲᠦᠷᠦᠯ ᠤᠨ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠳᠤ ᠠᠵᠢᠯᠲᠠᠨ ᠢᠶᠠᠨ ᠥᠯᠥ ᠬᠠᠰᠤᠬᠤ᠂ ᠠᠵᠢᠯᠲᠠᠨ ᠢᠶᠠᠨ ᠴᠥᠭᠡᠨ ᠬᠠᠰᠤᠬᠤ | ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠬᠢᠵᠢᠭ ᠤᠨ ᠪᠠᠶᠢᠳᠠᠯ ᠢ | ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠴᠠᠭ ᠲᠤᠬᠠᠢ ᠳᠤᠨᠢ ᠰᠦᠢᠳᠬᠡᠯ ᠲᠤᠰᠢᠶᠠᠵᠤ 365网络科技_bat365在线登录_注册送365元可提款 | ᠳᠡᠶᠢᠯᠦᠭᠰᠡᠨ ᠦᠭᠡᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ᠂ ᠤᠰᠤ ᠪᠠ ᠴᠠᠬᠢᠯᠭᠠᠨ ᠢ | ᠵᠣᠭᠰᠤᠭᠠᠬᠤ ᠦᠭᠡᠢ ᠪᠠᠶᠢᠵᠤ᠂ 6 ᠰᠠᠷ᠎ᠠ ᠶᠢᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠭᠠᠷᠭᠠᠵᠤ᠂ | ᠥᠷᠢᠲᠦᠭᠰᠡᠨ ᠵᠠᠷᠤᠳᠠᠯ ᠤᠨ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠠᠴᠠ | ᠬᠡᠯᠲᠦᠷᠢᠭᠦᠯᠦᠨ᠎ᠡ᠃ | ᠶᠢᠰᠦ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠨᠥᠬᠦᠴᠡᠯ ᠳᠤ ᠨᠡᠶᠢᠴᠡᠬᠦ ᠳᠠᠭᠠᠳᠬᠠᠯ ᠳᠤ | ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ | ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ ᠮᠡᠷᠭᠡᠵᠢᠯ | ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠣᠯᠭᠤᠨ᠎ᠠ︔ ᠬᠢᠵᠢᠭ ᠤᠨ ᠪᠠᠶᠢᠳᠠᠯ ᠳᠤ ᠨᠡᠯᠢᠶᠡᠳ ᠶᠡᠭᠡ | ᠨᠥᠯᠥᠭᠡᠯᠡᠭᠳᠡᠭᠰᠡᠨ ᠠᠵᠤ ᠠᠬᠤᠶᠢᠯᠠᠯ ᠪᠠ ᠨᠥᠬᠦᠴᠡᠯ ᠳᠤ ᠨᠡᠶᠢᠴᠡᠬᠦ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠳᠤ 2022 ᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠬᠤᠪᠢ ᠬᠥᠮᠥᠨ ᠤ ᠪᠡᠶ᠎ᠡ ᠬᠡᠮ ᠢᠶᠠᠷ ᠳᠠᠭᠠᠳᠬᠠᠯ ᠳᠤ | ᠣᠷᠣᠯᠴᠠᠵᠤ᠂ ᠰᠦᠢᠳᠬᠡᠯ ᠲᠤᠰᠢᠶᠠᠬᠤ ᠳᠤ ᠬᠦᠴᠢᠷᠲᠡᠢ ᠪᠠᠶᠢᠪᠠᠯ᠂ ᠰᠦᠢᠳᠬᠡᠯ ᠲᠤᠰᠢᠶᠠᠬᠤ ᠶᠢ ᠲᠦᠷ | ᠬᠤᠶᠢᠰᠢᠯᠠᠭᠤᠯᠵᠤ ᠪᠣᠯᠣᠨ᠎ᠠ︔ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠳᠠᠭᠠᠳᠬᠠᠯ ᠳᠤ | ᠣᠷᠣᠯᠴᠠᠭᠰᠠᠨ ᠠᠵᠢᠯ ᠠᠯᠳᠠᠭᠰᠠᠳ᠂ ᠠᠵᠢᠯ ᠠᠯᠳᠠᠭᠰᠠᠨ ᠮᠠᠯᠴᠢᠨ ᠲᠠᠷᠢᠶᠠᠴᠢᠳ ᠲᠤ ᠠᠵᠢᠯ ᠠᠯᠳᠠᠯᠲᠠ ᠶᠢᠨ | ᠲᠤᠰᠠᠯᠠᠮᠵᠢ ᠶᠢᠨ ᠮᠥᠩᠭᠦ ᠣᠯᠭᠤᠨ᠎ᠠ᠃ | ᠲᠠᠷᠠᠭᠠᠴᠢ ᠶᠢᠨ ᠠᠯᠬᠤᠮ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ︽ᠪᠠᠭᠠᠰᠬᠠᠬᠤ᠂ ᠬᠤᠶᠢᠰᠢᠯᠠᠭᠤᠯᠬᠤ᠂ | ᠬᠡᠯᠲᠦᠷᠢᠭᠦᠯᠬᠦ᠂ ᠨᠥᠬᠦᠪᠦᠷᠢᠯᠡᠬᠦ︾ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠪᠦᠲᠦᠮᠵᠢᠲᠡᠶ ᠬᠡᠷᠡᠭᠯᠡᠨ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠤᠬᠠᠭᠤᠯᠵᠤ᠂ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ | ᠪᠡᠶᠡᠯᠡᠭᠦᠯᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠰᠡᠷᠭᠦᠯᠲᠡ ᠪᠠ ᠠᠵᠢᠯ ᠲᠥᠷᠥᠯ ᠤᠨ ᠬᠥᠭᠵᠢᠯᠲᠡ ᠶᠢᠨ | ᠢᠲᠡᠭᠡᠯ ᠢ ᠨᠡᠮᠡᠭᠳᠡᠭᠦᠯᠦᠨ᠎ᠡ᠃ ᠬᠤᠶᠠᠷ ᠲᠤ ᠬᠢᠵᠢᠭ ᠤᠨ ᠪᠠᠶᠢᠳᠠᠯ ᠤᠨ ᠨᠥᠯᠥᠭᠡᠯᠡᠯ ᠪᠠ ᠣᠯᠠᠨ ᠲᠦᠮᠡᠨ ᠤ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠬᠢᠵᠢᠭ ᠤᠨ ᠪᠠᠶᠢᠳᠠᠯ ᠢ ᠦᠨᠳᠦᠰᠦᠯᠡᠨ᠂ | ᠬᠠᠮᠢᠶ᠎ᠠ ᠪᠦᠬᠦᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠰᠢᠯᠢᠳᠡᠭᠵᠢᠭᠦᠯᠦᠨ᠎ᠡ᠃ ᠭᠤᠷᠪᠠ ᠳᠤ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠡᠮᠵᠢᠬᠦ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ | ᠰᠢᠭᠤᠳ ᠪᠥᠭᠡᠳ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠨ᠎ᠠ᠃ ᠳᠥᠷᠪᠡ ᠳᠤ᠂ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ | ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠪᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ | ᠲᠠᠯ᠎ᠠ ᠶᠢᠨ ᠬᠢᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ ᠠᠷᠠᠳ ᠲᠤ ᠠᠰᠢᠭ ᠬᠦᠷᠲᠡᠭᠡᠵᠦ | ᠠᠵᠤ ᠠᠬᠤᠶᠢᠯᠠᠯ ᠢ ᠳᠡᠮᠵᠢᠬᠦ ᠲᠦᠷᠦ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ | ᠠᠰᠢᠭ ᠢ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ᠂ ᠡᠳ᠋ᠯᠡᠵᠦ ᠪᠣᠯᠬᠤ ᠶᠢ ᠨᠢ ᠲᠦᠷᠭᠡᠨ ᠡᠳ᠋ᠯᠡᠬᠦ ᠶᠢ | ᠪᠡᠶᠡᠯᠡᠭᠦᠯᠦᠨ᠎ᠡ᠃ | | |