二连浩特市人民政府蒙古文 365网络科技_bat365在线登录_注册送365元可提款

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        365网络科技_bat365在线登录_注册送365元可提款

         
        ᠬᠤᠲᠠ ᠶᠢᠨ ᠤᠯᠠᠭᠠᠨᠮᠥ᠋ᠴᠢᠷ ᠬᠥᠭᠵᠢᠮ ᠤᠨ ᠠᠶ᠎ᠠ᠂ ᠪᠥᠵᠢᠭ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢᠨ ᠠᠵᠢᠯᠯᠠᠭ᠎ᠠ ᠦᠷᠨᠢᠬᠦᠯᠪᠡ
        ᠨᠡᠶᠢᠲᠡᠯᠡᠭᠰᠡᠨ ᠴᠠᠭ᠄
        2023/2/23
            ᠤᠯᠠᠭᠠᠨᠮᠥ᠋ᠴᠢᠷ ᠤᠨ ᠭᠡᠰᠢᠭᠦᠳ ᠤᠨ ᠡᠯ᠎ᠡ ᠵᠦᠢᠯ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠰᠡᠳᠬᠢᠯ ᠳᠤ ᠬᠦᠷᠦᠭᠰᠡᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ ᠶᠢᠨ ᠳᠣᠯᠠᠳᠠ᠂ ᠬᠤᠳᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠳᠣᠷᠰᠢᠯᠭ᠎ᠠ ᠰᠠᠶᠢᠳᠠᠢ ᠪᠠᠭᠰᠢ ᠨᠠᠷ ᠢ ᠲᠤᠰᠬᠠᠶᠢᠯᠠᠨ ᠤᠷᠢᠵᠤ ᠮᠠᠨ ᠤ ᠬᠤᠳᠠ ᠶᠢᠨ ᠤᠯᠠᠭᠠᠨᠮᠥ᠋ᠴᠢᠷ ᠲᠤ ᠬᠥᠭᠵᠢᠮ ᠤᠨ ᠠᠶ᠎ᠠ᠂ ᠪᠥᠵᠢᠭ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠥᠷᠨᠢᠭᠦᠯᠵᠡᠢ᠃ ᠠᠷᠪᠠᠨ ᠲᠠᠪᠤᠨ ᠡᠳᠦᠷ ᠤᠨ ᠰᠢᠷᠭᠠᠭᠤ ᠬᠠᠲᠠᠭᠤᠵᠢᠯᠲᠠᠢ ᠪᠣᠯᠪᠠᠰᠤᠷᠠᠯ ᠢᠶᠠᠷ ᠳᠡᠮᠵᠢᠨ᠂ 2 ᠰᠠᠷ᠎ᠠ ᠶᠢᠨ 21 ᠤ ᠡᠳᠦᠷ᠂ ᠬᠤᠲᠠ ᠶᠢᠨ ᠤᠯᠠᠭᠠᠨᠮᠥ᠋ᠴᠢᠷ ᠨᠢ ᠪᠣᠯᠪᠠᠰᠤᠷᠠᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠡᠷᠭᠢᠯᠡᠨ᠂ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠪᠡ᠃
            ᠲᠣᠭᠯᠠᠯᠲᠠ ᠳᠤ ᠣᠯᠠᠭᠠᠨᠮᠦ᠋ᠴᠢᠷ ᠤᠨ ᠬᠡᠰᠢᠬᠦᠨ ᠪᠦᠷᠢ ᠦᠪᠡᠷ ᠦᠪᠡᠷ ᠤᠨ ᠡᠷᠳᠡᠮ ᠴᠢᠳᠠᠪᠤᠷᠢ ᠪᠠᠨ ᠭᠠᠷᠭᠠᠵᠤ ᠂ ᠪᠠᠶᠠᠯᠢᠭ ᠰᠠᠶᠢᠬᠠᠨ᠂ ᠥᠨᠢᠷ ᠥᠳᠬᠡᠨ ᠦᠨᠳᠦᠰᠦᠲᠡᠨ ᠤ ᠣᠨᠴᠠᠯᠢᠭ  ᠲᠠᠢ ᠲᠣᠭᠯᠠᠯᠲᠠ ᠭᠠᠷᠭᠠᠪᠠ᠃ ᠮᠣᠩᠭᠤᠯ ᠪᠥᠵᠢᠭ᠂ ᠲᠠᠯ᠎ᠠ ᠨᠤᠲᠤᠭ ᠤᠨ ᠳᠠᠭᠤᠤ᠂ ᠢᠷᠠᠭᠤ ᠰᠠᠶᠢᠬᠠᠨ ᠮᠣᠷᠢᠨ ᠬᠤᠭᠤᠷ ᠤᠨ ᠨᠠᠶᠢᠷᠠᠯ ᠬᠥᠭᠵᠢᠮ ᠵᠡᠷᠭᠡ ᠪᠠᠶᠢᠬᠤ ᠪᠠᠷ ᠪᠠᠷᠠᠬᠤ ᠦᠭᠡᠢ᠂ ᠳᠣᠭᠯᠠᠭᠴᠢᠳ ᠤᠨ ᠦᠨᠳᠦᠰᠦᠨ ᠮᠡᠷᠭᠡᠵᠢᠯ ᠵᠢᠴᠢ ᠪᠣᠯᠪᠠᠰᠤᠷᠠᠯ ᠳᠤ ᠰᠣᠷᠣᠭᠰᠠᠨ ᠢᠶᠠᠨ ᠳᠡᠯᠭᠡᠨ ᠦᠵᠡᠭᠦᠯᠦᠭᠰᠡᠨ ᠪᠠᠶᠢᠨ᠎ᠠ᠃
             ᠪᠣᠯᠪᠠᠰᠣᠷᠠᠯ ᠤᠨ ᠬᠤᠭᠤᠴᠠᠭᠠᠨ ᠳᠤ᠂ ᠲᠤᠰᠬᠠᠢ ᠮᠡᠷᠭᠡᠵᠢᠯ ᠤᠨ ᠪᠠᠭᠰᠢ ᠶᠢᠨ ᠵᠢᠯᠣᠭᠤᠳᠤᠯᠭ᠎ᠠ ᠳᠣᠣᠷ᠎ᠠ᠂ ᠠᠩᠭᠢ ᠶᠢᠨ ᠭᠡᠰᠢᠭᠦᠳ ᠰᠢᠮᠳᠠᠨ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠥᠪᠡᠷ ᠤᠨ ᠪᠡᠶ᠎ᠡ ᠲᠠᠢ ᠪᠠᠨ ᠲᠠᠰᠤᠷᠠᠯᠲᠠ ᠦᠭᠡᠢ ᠥᠷᠢᠰᠦᠯᠳᠦᠨ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠠᠶᠢᠨ᠎ᠠ ᠃ ᠬᠥᠭᠵᠢᠮ ᠤᠨ ᠠᠶ᠎ᠠ᠂ ᠪᠥᠵᠢᠭ ᠤᠨ ᠦᠨᠳᠦᠰᠦᠨ ᠪᠣᠯᠪᠠᠰᠤᠷᠠᠯ ᠵᠡᠷᠭᠡ ᠲᠤᠰᠬᠠᠢ ᠮᠡᠷᠭᠡᠵᠢᠯ ᠤᠨ ᠮᠡᠳᠡᠯᠭᠡ ᠶᠢ ᠰᠤᠷᠤᠭᠰᠠᠨ ᠢᠶᠠᠷ ᠪᠠᠷᠠᠬᠤ ᠦᠭᠡᠢ ᠪᠠᠰᠠ ︽ᠵᠡᠭᠦᠳᠦᠨ ᠳᠠᠬᠢ ᠲᠠᠯ᠎ᠠ ᠨᠤᠲᠤᠭ︾᠂ ︽ᠵᠠᠯᠠᠭᠤ ᠤᠯᠠᠭᠠᠨᠮᠥ᠋ᠴᠢᠷ ᠤᠨ ᠬᠥᠮᠥᠨ︾᠂ ︽ᠭᠠᠯ ᠤᠯᠠᠭᠠᠨ ᠵᠠᠯᠠᠭᠤ ᠨᠠᠰᠤ︾᠂ ︽ᠲᠠᠯ᠎ᠠ ᠨᠤᠲᠤᠭ ᠤᠨ ᠬᠡᠦᠬᠡᠨ︾ ᠵᠡᠷᠭᠡ ᠰᠣᠩᠭᠤᠳᠠᠭ ᠤᠷᠠᠨ ᠰᠠᠶᠢᠬᠠᠨ ᠤ ᠪᠦᠲᠦᠭᠡᠯ ᠢ ᠰᠤᠷᠴᠤ᠂ ᠤᠯᠠᠭᠠᠨᠮᠥ᠋ᠴᠢᠷ ᠤᠨ ᠭᠡᠰᠢᠭᠦᠳ ᠤᠨ ᠰᠣᠩᠭᠤᠳᠠᠭ ᠤᠷᠠᠨ ᠰᠠᠶᠢᠬᠠᠨ ᠤ ᠪᠦᠲᠦᠭᠡᠯ ᠢ ᠰᠤᠷᠴᠤ ᠡᠵᠡᠮᠰᠢᠨ ᠲᠣᠭᠯᠠᠬᠤ ᠪᠠ ᠤᠯᠠᠮᠵᠢᠯᠠᠬᠤ ᠵᠡᠷᠭᠡ ᠲᠠᠯ᠎ᠠ ᠪᠠᠷ ᠬᠢ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠵᠡᠢ᠃
            ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠬᠤᠲᠠ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠷᠤᠳᠠᠯ ᠤᠨ ᠣᠷᠣᠭᠤᠯᠤᠯᠲᠠ᠂ ᠡᠩᠨᠡᠭᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠳᠡᠮᠵᠢᠯᠭᠡ ᠪᠠ ᠪᠠᠲᠤᠯᠠᠭ᠎ᠠ ᠬᠠᠩᠭᠠᠵᠤ ᠪᠠᠶᠢᠨ᠎ᠠ᠃ 2017 ᠣᠨ ᠳᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠤᠨ ᠲᠦᠷᠦᠯ ᠵᠦᠢᠯ ᠪᠣᠯᠣᠨ ᠤᠬᠠᠭᠤᠯᠭ᠎ᠠ ᠰᠣᠶᠣᠯ ᠤᠨ ᠲᠥᠪ ᠤᠨ ᠰᠡᠯᠪᠢᠨ ᠵᠠᠰᠠᠵᠤ ᠥᠭᠡᠷᠡᠴᠢᠯᠡᠬᠦ ᠲᠦᠷᠦᠯ ᠵᠦᠢᠯ ᠢ ᠵᠠᠯᠭᠠᠭ᠎ᠠ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠪᠡ︔ 2022 ᠣᠨ ᠳᠤ 8 ᠨᠡᠷᠡᠰ ᠤᠯᠠᠭᠠᠨᠮᠥ᠋ᠴᠢᠷ ᠤᠨ ᠲᠣᠭᠯᠠᠭᠴᠢ ᠶᠢ ᠰᠢᠯᠭᠠᠨ ᠡᠯᠰᠡᠬᠦ ᠠᠵᠢᠯ ᠢ ᠪᠡᠶᠡᠯᠡᠭᠦᠯᠵᠦ᠂ ᠤᠯᠠᠭᠠᠨᠮᠥ᠋ᠴᠢᠷ ᠤᠨ ᠡᠩᠨᠡᠭᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠣᠯᠠᠨ ᠲᠦᠮᠡᠨ ᠤ ᠣᠯᠠᠨ ᠶᠠᠩᠵᠤ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃
         
        ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
         
         
        ᠬᠠᠮᠢᠶ᠎ᠠ ᠪᠥᠬᠦᠢ ᠰᠤᠨᠢᠨ
         

        365网络科技_bat365在线登录_注册送365元可提款

        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号